ᠪᠣᠤᠴᠠᠩ ᠪᠠᠯᠭᠠᠰᠤ ︽ᠬᠤᠶᠠᠷ ᠴᠤᠭᠯᠠᠭᠠᠨ︾  ︽ᠬᠤᠶᠠᠷ ᠬᠤᠷᠠᠯ︾ ᠤᠨ ᠬᠤᠭᠤᠴᠠᠭᠠᠨ ᠳᠠᠬᠢ ᠲᠣᠭᠲᠠᠭᠤᠨ ᠢ ᠬᠠᠮᠠᠭᠠᠯᠠᠬᠤ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/20
 12 ᠰᠠᠷ᠎ᠠ ᠶᠢᠨ 17 ᠤ ᠡᠳᠦᠷ᠂ ᠪᠣᠤᠴᠠᠩ ᠪᠠᠯᠭᠠᠰᠤ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ ᠦᠪᠡᠷᠳᠡᠭᠡᠨ ᠵᠠᠰᠠᠬᠤ ᠣᠷᠣᠨ ᠤ  ︽ᠬᠤᠶᠠᠷ ᠬᠤᠷᠠᠯ  ︾ ᠤᠨ ᠬᠤᠭᠤᠴᠠᠭᠠᠨ ᠳᠠᠬᠢ ᠪᠥᠬᠦ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠪᠦᠬᠦ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠪᠠᠶᠢᠳᠠᠯ  ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠠᠶᠢᠴᠢᠯᠠᠯᠳᠠ ᠪᠠᠶᠢᠷᠢᠯᠠᠭᠤᠯᠤᠯᠳᠠ ᠬᠢᠵᠡᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ︽ᠬᠤᠶᠠᠷ ᠴᠤᠭᠯᠠᠭᠠᠨ︾  ︽ᠬᠤᠶᠠᠷ ᠬᠤᠷᠠᠯ︾   ᠤᠨ ᠬᠤᠭᠤᠴᠠᠭᠠᠨ ᠳᠠᠬᠢ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ  ᠤᠨ ᠪᠠᠶᠢᠷᠢᠯᠠᠭᠤᠯᠤᠯᠲᠠ ᠶᠢᠨ ᠬᠤᠷᠠᠯ ᠲᠡᠭᠡᠷᠡᠬᠢ ᠬᠤᠰᠢᠭᠤ ᠨᠠᠮ ᠤᠨ ᠬᠤᠷᠢᠶᠠᠨ ᠤ ᠱᠦᠵᠢ ᠵᠤᠤ ᠹᠧᠶ ᠫᠧᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠭᠰᠠᠨ ᠪᠦᠬᠡᠳ ᠬᠠᠮᠢᠶ᠎ᠠ ᠪᠦᠬᠦᠢ ᠠᠵᠢᠯ ᠤᠨ ᠲᠤᠬᠠᠢ ᠪᠤᠳᠠᠳᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃   ᠲᠤᠬᠠᠶᠢᠯᠠᠪᠠᠯ᠂ ᠨᠢᠬᠡ ᠳᠤ  ᠤᠯᠤᠰ ᠲᠦᠷᠦ ᠶᠢᠨ ᠵᠤᠭᠰᠤᠴᠠ ᠪᠠᠨ  ᠲᠠᠬᠢᠨᠳᠠ ᠲᠡᠭᠡᠭᠰᠢᠯᠡᠬᠦᠯᠵᠦ᠂  ᠪᠠᠯᠭᠠᠰᠤᠨ ᠤ ᠤᠳᠤᠷᠢᠳᠤᠯᠭ᠎ᠠ  ᠬᠢᠭᠡᠳ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠤᠯᠢ ᠴᠠᠭᠠᠵᠠ ᠶᠢᠨ ᠰᠠᠯᠪᠤᠷᠢ ᠨᠢ ︽ ᠦᠷᠬᠦᠯᠵᠢᠯᠡᠨ ᠴᠢᠩᠭᠠᠯᠠᠬᠤ ᠠᠴᠠ ᠪᠢᠰᠢ᠂  ᠦᠴᠦᠬᠡᠨ ᠴᠤ  ᠰᠤᠯᠠᠳᠬᠠᠵᠤ ᠪᠤᠯᠬᠤ ᠦᠬᠡᠢ︾  ᠬᠡᠮᠡᠬᠦ ᠠᠵᠢᠯ ᠤᠨ ᠣᠶᠢᠯᠠᠭᠠᠭᠳᠠᠬᠤᠨ ᠢ ᠪᠤᠢ ᠪᠤᠯᠭᠠᠵᠤ᠂ ᠣᠨᠴᠠᠭᠠᠢ ᠴᠠᠭ ᠦᠶ᠎ᠡ ᠳᠠᠬᠢ ᠠᠮᠤᠷ ᠲᠣᠭᠲᠠᠭᠤᠨ ᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠨ᠂  ᠬᠤᠶᠠᠷ《 ᠵᠠᠭᠤᠨ ᠡᠳᠦᠷ ᠤᠨ ᠪᠣᠭᠤᠮᠲᠠ ᠰᠢᠪᠲᠤᠯᠬᠤ 》 ᠠᠵᠢᠯᠯᠠᠭᠠᠨ ᠤ ᠡᠯ᠎ᠡ  ᠲᠦᠷᠦᠯ ᠤᠨ ᠡᠭᠦᠷᠭᠡ ᠯᠦᠭᠡ ᠬᠠᠷᠭᠤᠭᠤᠯᠤᠨ ᠪᠠᠷᠢᠮᠵᠢᠶᠠᠵᠢᠯᠠᠵᠤ᠂ ᠰᠠᠨᠠᠭᠠᠴᠢᠯᠠᠭ᠎ᠠ ᠠᠴᠠ ᠪᠠᠨ ᠬᠢᠵᠦ ᠭᠤᠤᠯᠳᠠᠯᠭ᠎ᠠ  ᠶᠢ ᠠᠳᠬᠤᠬᠤ ᠶᠢ ᠪᠡᠶᠡᠯᠡᠬᠦᠯᠦᠨ᠂  ᠬᠢᠨᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠡᠷᠴᠢᠮ ᠢ ᠦᠨᠡᠨᠬᠦ ᠴᠢᠩᠭᠠᠷᠠᠭᠤᠯᠵᠤ᠂ ᠪᠠᠶᠢᠴᠠᠭᠠᠨ ᠴᠡᠭᠴᠡᠯᠡᠬᠦ ᠠᠵᠢᠯ ᠢ ᠪᠥᠬᠦ ᠲᠠᠯ᠎ᠠ ᠪᠠᠷ ᠭᠦᠨᠵᠡᠭᠡᠶ  ᠠᠬᠢᠭᠤᠯᠤᠨ᠂ ᠪᠥᠬᠦ ᠪᠠᠯᠭᠠᠰᠤᠨ  ᠤ ᠨᠡᠶᠢᠭᠡᠮ ᠤᠨ ᠡᠶ᠎ᠡ  ᠵᠤᠬᠢᠴᠠᠯ ᠠᠮᠤᠷ ᠲᠣᠭᠲᠠᠭᠤᠨ ᠢ ᠬᠠᠮᠠᠭᠠᠯᠠᠬᠤ ᠭᠡᠷᠡᠭᠳᠡᠢ᠃ ᠬᠤᠶᠠᠷ ᠲᠤ  ᠤᠯᠤᠰ ᠲᠦᠷᠦ  ᠶᠢᠨ ᠤᠬᠠᠮᠰᠠᠷ ᠢᠶᠠᠨ ᠤᠯᠠᠮ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠢᠯᠠᠩᠭᠤᠶ᠎ᠠ ᠪᠠᠯᠭᠠᠰᠤᠨ ᠤ ᠤᠳᠤᠷᠢᠳᠤᠯᠭ᠎ᠠ ᠨᠡᠷ ᠠᠵᠢᠯ  ᠡᠬᠦᠷᠭᠡ ᠪᠠᠨ ᠨᠠᠷᠢᠯᠢᠭ ᠬᠤᠪᠢᠶᠠᠷᠢᠯᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠵᠢᠯᠣᠭᠤᠳᠴᠤ᠂ ᠵᠠᠬᠢᠳᠠᠯ ᠰᠤᠷᠪᠤᠯᠵᠢᠯᠠᠭ᠎ᠠ  ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠬᠢᠭᠡᠳ ᠪᠠᠭᠤᠷᠠᠢ ᠭᠤᠭᠴᠤᠭ᠎ᠠ ᠶᠢ ᠡᠵᠡᠮᠰᠢᠨ᠂ ᠴᠠᠭ ᠲᠤᠬᠠᠢ ᠳᠤᠨᠢ ᠵᠢᠭᠠᠨ ᠵᠢᠯᠣᠭᠤᠳᠴᠤ ᠰᠢᠢᠳᠪᠦᠷᠢᠯᠡᠨ ᠠᠷᠢᠯᠭᠠᠵᠤ  ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠣᠭᠲᠠᠭᠤᠨ ᠢ ᠬᠠᠮᠠᠭᠠᠯᠠᠬᠤ ᠡᠯ᠎ᠡ  ᠲᠦᠷᠦᠯ ᠤᠨ ᠠᠵᠢᠯ ᠢ ᠡᠷᠡᠰ ᠰᠠᠶᠢᠨ ᠬᠢᠬᠦ ᠬᠡᠷᠡᠭᠲᠡᠢ᠃ ᠭᠤᠷᠪᠠ ᠳᠤ ᠤᠯᠤᠰ ᠲᠥᠷᠥ ᠶᠢᠨ ᠬᠠᠷᠢᠭᠤᠴᠠᠯᠭ᠎ᠠ ᠶᠢ ᠤᠯᠠᠮ  ᠴᠢᠩᠭᠠᠳᠬᠠᠨ᠂ ᠡᠯ᠎ᠡ ᠰᠠᠯᠠᠭ᠎ᠠ ᠮᠥᠴᠢᠷ ᠤᠨ ᠬᠢᠨ   ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂   24 ᠴᠠᠭ ᠤᠨ ᠬᠠᠮᠢᠶᠠᠷᠤᠨ ᠡᠵᠡᠮᠳᠡᠬᠦ ᠠᠵᠢᠯ ᠢ ᠴᠢᠩᠭ᠎ᠠ ᠭᠡᠷᠡᠭᠵᠢᠬᠦᠯᠦᠨ᠂ ᠡᠯ᠎ᠡ ᠵᠦᠶᠯ ᠤᠨ ᠲᠣᠭᠲᠠᠭᠤᠨ ᠪᠤᠰᠤ ᠬᠦᠴᠦᠨ ᠵᠦᠶᠯ ᠢ ᠨᠠᠷᠢᠨ ᠬᠢᠨᠠᠮᠠᠭᠠᠶ ᠪᠠᠶᠢᠴᠠᠭᠠᠨ ᠰᠢᠶᠳᠪᠦᠷᠢᠯᠡᠵᠦ᠂ ᠵᠥᠷᠢᠴᠡᠯ ᠵᠢᠭᠤᠷᠠᠭᠠᠨ ᠢ ᠴᠤᠬᠤᠮᠠᠶᠢᠭᠴᠠ ᠠᠷᠢᠯᠭᠠᠨ᠂ ᠶᠡᠭᠡ ᠬᠤᠷᠠᠯ ᠤᠨ ᠬᠤᠭᠤᠴᠠᠭᠠᠨ ᠳᠠᠬᠢ 《 ᠨᠢᠭᠡᠳᠦᠭᠡᠷ ᠰᠡᠷᠭᠡᠶᠢᠯᠡᠯᠲᠡ ᠶᠢᠨ ᠱᠤᠭᠤᠮ 》 ᠢ  ᠪᠠᠲᠤ  ᠴᠤᠭᠴᠠᠯᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ  ᠃   ᠸᠠᠩ ᠰᠢ ᠪᠢᠨ ᠪᠠᠰᠠ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠬᠢᠮᠳᠡ ᠨᠡᠭᠦᠷᠡᠰᠦ  ᠬᠠᠩᠭᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠬᠢᠪᠠ  ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠽᠦᠸᠧ ᡁᠢ ᠭᠦᠸᠧ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠭᠤᠷᠪᠠᠨ ᠲᠠᠯ᠎ᠠ ᠶᠢᠨ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠂ ᠲᠤᠬᠠᠶᠢᠯᠠᠪᠠᠯ᠂ ᠨᠢᠭᠡ ᠳᠤ  ︽ᠬᠤᠶᠠᠷ ᠬᠤᠷᠠᠯ  ︾ ᠤᠨ ᠬᠤᠭᠤᠴᠠᠭᠠᠨ  ᠳᠠᠬᠢ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠨ᠂ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠪᠠᠶᠢᠴᠠᠭᠠᠵᠤ ᠡᠵᠡᠮᠳᠡᠬᠦ ᠠᠵᠢᠯ ᠢ  ᠰᠠᠶᠢᠨ ᠬᠢᠵᠦ᠂ ᠣᠨᠴᠠᠭᠠᠶᠢᠯᠠᠨ ᠭᠤᠤᠯᠳᠠᠯᠭ᠎ᠠ ᠲᠠᠢ ᠣᠨᠴᠠᠭᠠᠶ ᠬᠥᠮᠦᠰ ᠢ  ᠢᠯᠡᠬᠦᠦ ᠠᠩᠬᠠᠷᠤᠨ᠂ 《  ᠬᠠᠮᠢᠶᠠᠷᠤᠯᠳᠠ ᠣᠷᠬᠢᠭᠳᠠᠬᠤ ᠥᠬᠡᠶ᠂ ᠡᠵᠡᠮᠳᠡᠯ ᠠᠯᠳᠠᠬᠤ ᠥᠬᠡᠶ 》 ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠶ᠃ ᠬᠤᠶᠠᠷ ᠲᠤ   ᠬᠢᠵᠢᠭ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠤᠳᠤᠷᠢᠳᠬᠤ ᠪᠠᠭ ᠤᠨ ᠭᠡᠰᠢᠬᠦᠳ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠳᠡᠭᠡᠭᠰᠢᠯᠡᠭᠦᠯᠵᠦ᠂  ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠲᠡᠪᠴᠢᠨ᠂ ᠣᠳᠣᠬᠠᠨ ᠤ ᠬᠢᠵᠢᠭ ᠤᠨ ᠪᠠᠶᠢᠳᠠᠯ ᠢ ᠲᠣᠳᠣᠷᠬᠠᠶ ᠲᠠᠨᠢᠵᠤ᠂ ᠡᠯ᠎ᠡ ᠰᠠᠯᠠᠭ᠎ᠠ ᠮᠥᠴᠢᠷ ᠢ ᠱᠠᠭᠠᠷᠳᠠᠵᠤ ᠪᠠᠶᠢᠭᠠᠳ ᠰᠡᠷᠭᠡᠶᠢᠯᠡᠨ ᠡᠵᠡᠮᠳᠡᠬᠦ ᠠᠵᠢᠯ ᠢ  ᠰᠠᠶᠢᠨ ᠬᠢᠬᠦ  ᠭᠡᠷᠡᠭᠳᠡᠢ᠃  ᠭᠤᠷᠪᠠ ᠳᠤ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠨ᠂ ᠪᠣᠯᠪᠠᠰᠤᠷᠠᠯ ᠤᠨ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂  ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠳᠤ  ᠪᠦᠷᠢᠨ ᠪᠠᠲᠤᠯᠠᠭ᠎ᠠ ᠬᠠᠩᠭᠠᠬᠤ ᠬᠡᠷᠡᠭᠲᠡᠶ ᠬᠡᠵᠡᠢ  ᠃ ᠸᠠᠩ ᠰᠢ ᠪᠢᠨ ᠬᠤᠷᠠᠯ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂  ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ  ᠶᠢᠨ ᠳᠠᠷᠤᠭ᠎ᠠ ᠬᠤᠷᠠᠯ ᠳᠤ ᠣᠷᠣᠯᠴᠠᠪᠠ  ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号