ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠵᠠᠷᠯᠠᠯ ︵66 ᠲᠤᠭᠠᠳᠤ︶
ᠨᠡᠶᠢᠲᠡᠯᠡᠭᠰᠡᠨ ᠴᠠᠭ᠄
2021/12/22
 ᠣᠳᠣᠬᠠᠨ ᠳᠤ᠂ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠶᠡᠭᠡ ᠪᠠᠷ ᠳᠡᠯᠭᠡᠷᠡᠬᠦ  ᠬᠠᠨᠳᠤᠰᠢ ᠲᠠᠢ ᠪᠠᠶᠢᠵᠤ᠂ ᠤᠯᠤᠰ ᠤᠨ ᠳᠣᠲᠣᠭᠠᠳᠤ ᠳᠤ ᠤᠯᠠᠨ ᠭᠠᠵᠠᠷ ᠲᠤ ᠲᠠᠷᠬᠠᠭᠰᠠᠨ ᠡᠪᠡᠳᠴᠢᠨ ᠤ ᠵᠢᠱᠢᠶ᠎ᠡ ᠪᠠ ᠬᠡᠰᠡᠭ ᠭᠠᠵᠠᠷ ᠲᠤ ᠲᠦᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠵᠦ ᠪᠠᠶᠢᠨ᠎ᠠ᠂ 2022 ᠣᠨ ᠤ ᠰᠢᠨ᠎ᠡ ᠵᠢᠯ ᠴᠠᠭᠠᠨ ᠰᠠᠷ᠎ᠠ ᠣᠶᠢᠷᠠᠳᠬᠤ ᠶᠢ ᠲᠠᠭᠠᠯᠳᠤᠭᠠᠳ᠂  ᠶᠠᠪᠤᠵᠤ ᠴᠤᠪᠤᠬᠤ ᠬᠦᠮᠦᠨ ᠤ ᠲᠤᠭ᠎ᠠ  ᠨᠡᠮᠡᠭᠳᠡᠨ᠂ ᠲᠦᠪᠯᠡᠷᠡᠯ ᠤᠨ ᠴᠢᠨᠠᠷᠲᠠᠢ ᠠᠵᠢᠯᠯᠠᠭ᠎ᠠ ᠤᠯᠠᠰᠢᠷᠠᠵᠤ᠂  ᠬᠢᠵᠢᠭ ᠤᠨ ᠲᠦᠭᠰᠢᠭᠦᠷᠢ ᠴᠤ ᠶᠡᠬᠡᠰᠬᠦ ᠨᠢ ᠮᠡᠳᠡᠭᠡᠵᠢ  ᠃ 《 ᠬᠤᠶᠠᠷ ᠪᠠᠶᠠᠷ 》 ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ  ᠰᠠᠶᠢᠨ ᠬᠢᠵᠦ᠂ ᠪᠥᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠠᠮᠤᠷ ᠠᠮᠤᠭᠤᠯᠠᠩ ᠪᠠᠶᠠᠷ ᠤᠨ ᠡᠳᠦᠷ ᠢᠶᠠᠨ ᠦᠩᠭᠡᠷᠡᠭᠡᠬᠦ ᠶᠢ ᠪᠠᠲᠤᠯᠠᠬᠤ ᠶᠢᠨ ᠲᠥᠯᠥᠭᠡ᠂ ᠣᠲᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ  ᠮᠡᠳᠡᠭᠳᠡᠵᠦ ᠪᠠᠶᠢᠨᠠᠮ᠄     ᠨᠢᠭᠡ᠂  ᠨᠤᠲᠤᠭ ᠲᠠᠭᠠᠨ ᠪᠤᠴᠠᠬᠤ ᠪᠦᠬᠦᠶᠢᠯᠡ ᠬᠥᠮᠦᠰ ᠪᠤᠴᠠᠬᠤ ᠠᠴᠠ ᠪᠠᠨ ᠡᠮᠦᠨ᠎ᠡ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠳᠠᠭᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠵᠤ᠂ ᠢᠯᠠᠩᠭᠤᠶ᠎ᠠ ᠣᠶᠢᠷ᠎ᠠ ᠶᠢᠨ 14 ᠡᠳᠦᠷ ᠤᠨ ᠳᠣᠲᠣᠷ᠎ᠠ ᠬᠢᠵᠢᠭ ᠤᠨ ᠪᠠᠶᠢᠳᠠᠯ ᠲᠠᠢ ᠭᠠᠵᠠᠷ ᠤᠷᠤᠨ ᠳᠤ ᠶᠠᠪᠤᠵᠤ ᠰᠠᠭᠤᠭᠰᠠᠨ ᠦᠩᠭᠡᠷᠡᠯᠳᠡ ᠲᠠᠢ ᠬᠥᠮᠦᠰ ᠪᠠᠶᠢᠳᠠᠯ ᠢᠶᠠᠨ ᠲᠠᠷᠤᠶᠢᠬᠠᠨ ᠮᠡᠳᠡᠭᠦᠯᠵᠦ᠂ ᠲᠤᠰᠠᠭᠠᠷᠯᠠᠨ ᠬᠠᠮᠢᠶᠠᠷᠬᠤ᠂ ᠪᠥᠭᠡᠮ ᠬᠦᠴᠢᠯ  ᠤᠨ ᠪᠠᠶᠢᠴᠠᠭᠠᠯᠳᠠ ᠬᠢᠬᠦ ᠵᠡᠷᠭᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠡᠷᠢᠶᠡᠨ ᠬᠤᠲᠠ᠂ ᠵᠡᠭᠦᠨ ᠦᠵᠦᠮᠦᠴᠢᠨ ᠬᠤᠰᠢᠭᠤ ᠵᠡᠷᠭᠡ ᠬᠢᠯᠢ ᠶᠢᠨ ᠪᠤᠭᠤᠮᠳᠠ  ᠶᠢᠨ ᠭᠠᠵᠠᠷ ᠤᠷᠤᠨ ᠠᠴᠠ ᠪᠤᠴᠠᠵᠤ ᠢᠷᠡᠭᠰᠡᠳ ᠡᠷᠬᠡᠪᠰᠢ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠢᠷᠠᠬᠤ ᠬᠡᠷᠡᠭᠲᠡᠶ᠃ ᠬᠤᠰᠢᠭᠤᠨ ᠳᠣᠲᠣᠷᠠᠬᠢ ᠬᠥᠮᠦᠰ ᠳᠤᠮᠳᠠ ᠥᠨᠳᠥᠷ ᠲᠡᠰ  ᠤᠨ ᠲᠦᠭᠰᠢᠬᠦᠷᠢᠳᠦ ᠣᠷᠣᠨ ᠵᠢᠴᠢ ᠡᠪᠡᠳᠴᠢᠨ ᠤ ᠵᠢᠱᠢᠶ᠎ᠡ ᠢᠯᠡᠷᠡᠭᠰᠡᠨ ᠭᠠᠵᠠᠷ ᠤᠷᠤᠨ ᠳᠤ ᠣᠴᠢᠬᠤ ᠶᠢ ᠴᠢᠩᠭ᠎ᠠ ᠬᠢᠵᠠᠭᠠᠷᠯᠠᠬᠤ ᠪᠠᠷ ᠪᠠᠷᠠᠬᠤ ᠦᠬᠡᠢ᠂  ᠳᠤᠮᠳᠠ ᠥᠨᠳᠥᠷ ᠲᠡᠰ ᠤᠨ ᠲᠦᠭᠰᠢᠬᠦᠷᠢᠳᠦ ᠣᠷᠣᠨ ᠵᠢᠴᠢ ᠬᠢᠯᠢ ᠶᠢᠨ ᠭᠠᠳᠠᠨ᠎ᠠ ᠠᠴᠠ ᠢᠷᠡᠬᠦ ᠲᠥᠷᠥᠯ ᠰᠠᠳᠤᠨ ᠨᠠᠶᠢᠵᠠ ᠨᠥᠬᠦᠳ ᠢᠶᠠᠨ ᠢᠳᠬᠠᠨ ᠰᠠᠨᠠᠭᠤᠯᠵᠤ ᠢᠷᠡᠬᠦ ᠶᠢ ᠨᠢ ᠬᠤᠷᠢᠭᠯᠠᠨ᠂   ᠶᠠᠪᠤᠵᠤ ᠰᠠᠭᠤᠬᠤ ᠠᠴᠠ ᠪᠣᠯᠤᠭᠰᠠᠨ ᠬᠢᠵᠢᠭ ᠤᠨ ᠲᠦᠭᠰᠢᠭᠦᠷᠢ ᠶᠢ ᠪᠠᠭᠠᠰᠬᠠᠬᠤ ᠭᠡᠷᠡᠭᠳᠡᠢ᠃     ᠬᠤᠶᠠᠷ᠂ ᠴᠢᠬᠤᠯᠠ ᠥᠬᠡᠶ ᠪᠣᠯ ᠡᠷᠭᠢᠯᠡᠬᠦ ᠥᠬᠡᠶ ᠵᠠᠷᠴᠢᠮ ᠶᠣᠰᠣᠭᠠᠷ᠂ ᠰᠦᠮ᠎ᠡ ᠶᠢᠨ ᠬᠤᠷᠠᠯ᠂ ᠲᠣᠮᠣ ᠬᠡᠯᠪᠡᠷᠢ ᠶᠢᠨ ᠤᠷᠠᠨ ᠰᠠᠶᠢᠬᠠᠨ ᠤ ᠲᠣᠭᠯᠠᠯᠲᠠ᠂ ᠳᠡᠯᠭᠡᠨ ᠪᠤᠷᠤᠯᠠᠭᠤᠯᠭ᠎ᠠ᠂   ᠬᠠᠮᠲᠤ ᠶᠢᠨ ᠵᠣᠯᠭᠠᠯᠲᠠ ᠪᠠ  ᠲᠤᠬᠤᠨᠢᠭᠤᠯᠭ᠎ᠠ᠂  ᠦᠳᠡᠰᠢᠯᠡᠭᠡ  ᠮᠡᠳᠦ ᠶᠢᠨ ᠬᠦᠳᠡᠯᠪᠦᠷᠢ ᠠᠵᠢᠯᠯᠠᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠱᠠᠰᠢᠨ ᠰᠤᠷᠲᠠᠬᠤᠨ ᠤ ᠲᠠᠯᠠᠪᠤᠷ ᠨᠢ ᠢᠰᠦ᠋ᠰ ᠤᠨ ᠮᠡᠨᠳᠦᠯᠡᠭᠰᠡᠨ ᠡᠳᠦᠷ ᠢ ᠪᠡᠯᠭᠡᠯᠡᠬᠦ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠥᠷᠨᠢᠭᠦᠯᠬᠦ ᠶᠢ ᠡᠷᠡᠰ ᠴᠠᠭᠠᠵᠠᠯᠠᠨ᠎ᠠ᠃ ᠬᠤᠷᠠᠯ  ᠴᠤᠭᠯᠠᠭᠠᠨ᠂ ᠬᠦᠳᠡᠯᠪᠦᠷᠢ ᠠᠵᠢᠯᠯᠠᠭ᠎ᠠ ᠡᠷᠬᠢᠯᠡᠬᠦ ᠳᠤ ᠬᠥᠮᠦᠨ ᠤ ᠲᠤᠭ᠎ᠠ ᠶᠢ ᠬᠢᠵᠠᠭᠠᠷᠯᠠᠵᠤ᠂ ᠬᠡᠪᠴᠢᠶ᠎ᠡ ᠪᠠᠷ ᠨᠡᠯᠢᠶᠡᠳ ᠶᠡᠭᠡ ᠪᠣᠯ ᠬᠤᠰᠢᠭᠤᠨ ᠤ ᠵᠢᠯᠣᠭᠤᠳᠬᠤ ᠭᠠᠵᠠᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃  ᠲᠠᠪᠤᠨ ᠰᠢᠷᠡᠭᠡ ᠠᠴᠠ ᠳᠡᠭᠡᠭᠰᠢ  ᠭᠡᠪᠴᠢᠶ᠎ᠡ ᠲᠠᠢ ᠳᠠᠶᠢᠯᠠᠯᠭ᠎ᠠ ᠴᠠᠶᠢᠯᠠᠯᠭ᠎ᠠ ᠶᠢ ᠡᠷᠬᠢᠯᠡᠨ ᠭᠦᠢᠴᠡᠳᠬᠡᠬᠦ ᠳᠤ  ᠬᠤᠭᠤᠯᠠᠨ ᠭᠡᠷ ᠨᠢ ᠡᠷᠬᠡᠪᠰᠢ ᠬᠤᠰᠢᠭᠤᠨ  ᠤ ᠵᠠᠬ᠎ᠠ ᠳᠡᠯᠭᠡᠭᠦᠷ ᠬᠢᠨᠠᠨ ᠬᠠᠮᠢᠶᠠᠷᠬᠤ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ᠂  ᠺᠣᠳ᠋ ᠰᠢᠷᠪᠢᠬᠦ᠂  ᠬᠠᠯᠠᠭᠤᠨ ᠢ ᠬᠡᠮᠵᠢᠬᠦ  ᠂ ᠠᠮᠠᠪᠴᠢ ᠵᠡᠭᠦᠬᠦ᠂ ᠰᠠᠯᠬᠢ ᠨᠡᠪᠳᠡᠷᠡᠬᠦᠯᠬᠦ᠂  ᠠᠷᠢᠭᠤᠳᠬᠠᠯ ᠬᠢᠬᠦ ᠵᠡᠷᠭᠡ ᠠᠷᠭ᠎ᠠ ᠲᠦᠷᠢᠮ ᠢ ᠡᠷᠭᠡᠪᠰᠢ ᠱᠠᠭᠠᠷᠳᠠᠯᠭ᠎ᠠ ᠶᠤᠰᠤᠭᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ  ᠬᠢᠨ ᠲᠠᠪᠤᠨ ᠰᠢᠷᠡᠭᠡ ᠠᠴᠠ ᠳᠡᠭᠡᠭᠰᠢ ᠭᠡᠪᠴᠢᠶ᠎ᠡ ᠲᠠᠢ ᠳᠠᠶᠢᠯᠠᠯᠭ᠎ᠠ ᠴᠠᠶᠢᠯᠠᠯᠭ᠎ᠠ ᠡᠷᠬᠢᠯᠡᠬᠦ ᠳᠤ ᠡᠷᠬᠡᠪᠰᠢ ᠰᠤᠮᠤ ᠰᠢᠶᠠᠩ ᠪᠠᠯᠭᠠᠰᠤᠨ ᠤ   ᠪᠠᠨ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠲᠦᠷᠢᠮ ᠲᠣᠭᠲᠠᠭᠠᠯ ᠢ  ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃     ᠭᠤᠷᠪᠠ᠂ ᠮᠠᠰᠢᠨ ᠲᠡᠷᠭᠡᠨ ᠤ ᠥᠷᠲᠡᠭᠡ ᠨᠢ ᠬᠠᠯᠠᠭᠤᠨ ᠢ ᠬᠡᠮᠵᠢᠬᠦ᠂  ᠺᠣᠳ᠋ ᠰᠢᠷᠪᠢᠬᠦ ᠠᠵᠢᠯ ᠢ ᠲᠣᠭᠲᠠᠭᠠᠯ ᠶᠣᠰᠣᠭᠠᠷ ᠴᠢᠩᠭ᠎ᠠ ᠭᠡᠷᠡᠭᠵᠢᠬᠦᠯᠵᠦ᠂  ᠲᠡᠷᠭᠡᠨ ᠦᠷᠳᠡᠭᠡ  ᠪᠠ ᠲᠡᠷᠭᠡ ᠬᠦᠰᠭᠡᠨ ᠤ ᠰᠠᠯᠬᠢ ᠨᠡᠪᠲᠡᠷᠡᠭᠦᠯᠬᠦ᠂  ᠠᠷᠢᠭᠤᠳᠬᠠᠯ ᠬᠢᠬᠦ ᠤᠳᠠᠭ᠎ᠠ ᠳᠠᠷᠠᠭ᠎ᠠ ᠶᠢ ᠨᠡᠮᠡᠭᠳᠡᠬᠦᠯᠦᠨ᠂  ᠠᠶᠠᠨᠴᠢᠳ ᠤᠨ ᠲᠤᠭ᠎ᠠ ᠶᠢ ᠴᠢᠩᠭ᠎ᠠ ᠬᠢᠵᠠᠭᠠᠷᠯᠠᠵᠤ᠂ ᠠᠶᠤᠯᠬᠦᠢ ᠵᠠᠶ ᠶᠢ ᠪᠠᠳᠤᠯᠠᠬᠤ ᠶᠢ ᠠᠶᠠᠨᠴᠢᠳ ᠲᠤ ᠰᠠᠨᠠᠭᠤᠯᠤᠨ᠂ ᠠᠮᠠᠪᠴᠢ ᠵᠡᠭᠦᠬᠦ᠂ ᠭᠠᠷ ᠢᠶᠠᠨ ᠠᠷᠢᠭᠤᠳᠬᠠᠬᠤ ᠵᠡᠷᠭᠡ ᠬᠤᠪᠢ ᠬᠥᠮᠦᠨ ᠤ ᠬᠠᠮᠠᠭᠠᠯᠠᠯᠲᠠ ᠶᠢ  ᠰᠠᠶᠢᠨ ᠬᠢᠯᠬᠡᠬᠦ ᠬᠡᠷᠡᠭᠲᠡᠶ᠃ ᠲᠦᠷᠢᠶᠡᠰᠦᠨ ᠮᠠᠰᠢᠨ᠂ ᠨᠡᠶᠢᠲᠡ ᠶᠢᠨ ᠮᠠᠰᠢᠨ ᠤ ᠵᠢᠯᠤᠭᠤᠴᠢ ᠨᠠᠷ ᠬᠤᠪᠢ ᠬᠥᠮᠦᠨ ᠤ ᠬᠠᠮᠠᠭᠠᠯᠠᠯᠲᠠ ᠪᠠ ᠲᠡᠷᠭᠡ  ᠤᠨᠤᠭᠠᠨ ᠤ ᠠᠷᠢᠭᠤᠳᠬᠠᠯ ᠢ ᠰᠠᠶᠢᠨ ᠬᠢᠵᠦ᠂ ᠠᠶᠠᠨᠴᠢᠳ ᠲᠤᠭᠠᠴᠠᠭ᠎ᠠ ᠬᠢᠬᠦ ᠳᠡᠭᠡᠨ ᠠᠯᠢ ᠴᠢᠳᠠᠬᠤ ᠪᠠᠷ ᠸᠢᠴᠠᠲ ᠪᠠᠷ ᠲᠦᠯᠦᠬᠦ ᠠᠷᠭ᠎ᠠ ᠶᠢ ᠭᠡᠷᠡᠭᠯᠡᠵᠦ᠂ ᠪᠡᠯᠡᠨ ᠵᠤᠭᠤᠰ ᠰᠤᠯᠢᠯᠴᠠᠬᠤ ᠠᠴᠠ ᠵᠠᠶᠢᠯᠠᠰᠬᠢᠨ᠎ᠠ᠃     ᠳᠥᠷᠪᠡ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠢ ᠬᠠᠯᠠᠭᠤᠷᠠᠯ ᠤᠨ ᠡᠭᠦᠳᠡᠨ ᠡᠮᠨᠡᠯᠭᠡ ᠶᠢᠨ 《 ᠬᠠᠷᠠᠭᠤᠯ ᠤᠨ ᠴᠡᠭ 》 ᠤᠨ ᠦᠶᠯᠡᠳᠦᠯ ᠢ  ᠪᠠᠳᠠᠷᠠᠭᠤᠯᠵᠤ᠂ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠬᠤ ᠪᠠ ᠠᠩᠬ᠎ᠠ ᠣᠨᠣᠰᠢᠯᠠᠬᠤ  ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠪᠢᠳᠡᠬᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠭᠡᠷᠡᠭᠵᠢᠬᠦᠯᠵᠦ᠂  ᠪᠤᠢ ᠪᠦᠬᠦᠢ ᠬᠠᠯᠠᠭᠤᠷᠠᠭᠰᠠᠨ ᠡᠪᠡᠳᠴᠢᠲᠡᠨ ᠳᠤ ᠪᠥᠭᠡᠮ ᠬᠦᠴᠢᠯ  ᠤᠨ ᠪᠠᠶᠢᠴᠠᠭᠠᠯᠲᠡ ᠬᠢᠵᠦ᠂  ᠪᠠᠶᠢᠴᠠᠭᠠᠯᠳᠠ ᠶᠢᠨ  ᠳ᠋ᠦᠩ ᠭᠠᠷᠬᠤ ᠠᠴᠠ ᠡᠮᠦᠨ᠎ᠡ ᠡᠷᠭᠡᠪᠰᠢ ᠦᠯᠡᠳᠡᠭᠡᠨ ᠠᠵᠢᠭᠯᠠᠬᠤ ᠬᠡᠷᠡᠭᠲᠡᠶ᠃      ᠲᠠᠪᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤᠮᠳᠠᠭᠠᠨ᠂ ᠡᠳ᠋ ᠪᠣᠳᠠᠰ ᠢ  ᠬᠠᠳᠠᠭᠠᠯᠠᠬᠤ᠂ ᠦᠶᠯᠡᠳᠪᠦᠷᠢᠯᠡᠬᠦ᠂ ᠡᠳ᠋ᠰᠢᠭᠦᠯᠬᠦ᠂ ᠲᠡᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠪᠥᠬᠦ ᠶᠠᠪᠤᠴᠠ ᠡᠯ᠎ᠡ  ᠭᠤᠭᠴᠤᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠷᠡᠯᠲᠡ ᠶᠢ ᠨᠢ ᠮᠦᠷᠳᠡᠨ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠡᠳ᠋ ᠪᠠᠷᠠᠭ᠎ᠠ ᠬᠤᠳᠠᠯᠳᠤᠨ ᠠᠪᠬᠤ ᠳᠠᠭᠠᠨ ᠢᠷᠡᠯᠲᠡ  ᠨᠢ ᠲᠣᠳᠣᠷᠬᠠᠶ ᠥᠬᠡᠶ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤᠮᠳᠠᠭᠠᠨ ᠪᠠ ᠡᠳ᠋ ᠪᠣᠳᠠᠰ ᠢ ᠬᠤᠳᠠᠯᠳᠤᠨ ᠠᠪᠴᠤ ᠪᠣᠯᠬᠤ ᠥᠬᠡᠶ᠂ ᠬᠢᠯᠢ ᠶᠢᠨ ᠭᠠᠳᠠᠨᠠᠬᠢ ᠲᠦᠭᠰᠢᠭᠦᠷᠢ ᠶᠡᠬᠡᠲᠡᠶ ᠤᠯᠤᠰ ᠪᠠ ᠤᠯᠤᠰ ᠤᠨ ᠳᠣᠲᠣᠭᠠᠳᠤ ᠶᠢᠨ ᠲᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠠᠴᠠ ᠶᠠᠮᠠᠷᠪᠠ ᠪᠠᠷᠠᠭ᠎ᠠ ᠲᠠᠸᠠᠷ ᠢ ᠵᠠᠬᠢᠶᠠᠯᠠᠨ ᠠᠪᠴᠤ ᠪᠣᠯᠬᠤ ᠥᠬᠡᠶ᠂ ᠲᠦᠷᠭᠡᠨ ᠬᠦᠷᠭᠡᠯᠳᠡ ᠶᠢᠨ ᠪᠣᠭᠤᠳᠠᠯ ᠢ ᠭᠥᠯᠢᠶᠡᠨ ᠠᠪᠬᠤ ᠳᠠᠭᠠᠨ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠨ ᠬᠢᠵᠦ᠂ ᠪᠣᠭᠤᠳᠠᠯ ᠪᠠᠭᠯᠠᠭ᠎ᠠ ᠪᠠ ᠡᠳ᠋ ᠪᠠᠷᠠᠭ᠎ᠠ ᠶᠢ ᠬᠦᠢᠴᠡᠳ ᠰᠠᠶᠢᠨ ᠠᠷᠢᠭᠤᠳᠬᠠᠬᠤ ᠬᠡᠷᠡᠭᠲᠡᠶ᠃     ᠵᠢᠷᠭᠤᠭ᠎ᠠ᠂ ᠡᠯ᠎ᠡ ᠲᠥᠷᠥᠯ ᠤᠨ ᠠᠵᠤ ᠠᠬᠤᠶᠢᠯᠠᠯ ᠨᠢ ᠠᠵᠢᠯᠯᠠᠬᠤ ᠭᠠᠵᠠᠷ᠂ ᠠᠵᠢᠯᠲᠠᠨ ᠤ ᠪᠠᠶᠢᠷᠢ ᠵᠡᠷᠭᠡ ᠬᠥᠮᠦᠨ ᠤᠯᠠᠨᠳᠠᠢ ᠲᠠᠯᠠᠪᠤᠷ ᠲᠠᠭᠠᠨ ᠲᠣᠭᠲᠠᠮᠠᠯ ᠬᠤᠭᠤᠴᠠᠭ᠎ᠠ ᠲᠠᠢ ᠰᠠᠯᠬᠢ ᠨᠡᠪᠲᠡᠷᠡᠭᠦᠯᠦᠨ ᠠᠷᠢᠭᠤᠳᠬᠠᠯ ᠬᠢᠵᠦ᠂  ᠴᠢᠯᠥᠭᠡ ᠲᠠᠯᠪᠢᠬᠤ ᠪᠠ ᠠᠵᠢᠯ ᠡᠬᠢᠯᠡᠬᠦ ᠴᠠᠭ ᠢ  ᠵᠦᠢ ᠵᠣᠬᠢᠰᠲᠠᠶ ᠲᠤᠬᠢᠷᠠᠭᠤᠯᠤᠨ᠂  ᠢᠷᠡᠵᠦ ᠶᠠᠪᠤᠬᠤ ᠣᠷᠭᠢᠯ ᠬᠤᠭᠤᠴᠠᠭ᠎ᠠ ᠶᠢ ᠵᠦᠷᠢᠬᠦᠯᠬᠦ ᠭᠡᠷᠡᠭᠳᠡᠢ᠃ ᠡᠯ᠎ᠡ ᠰᠤᠷᠭᠠᠭᠤᠯᠢ ᠶᠢᠨ ᠬᠢᠨ ᠡᠪᠦᠯ ᠤᠨ ᠠᠮᠠᠷᠠᠯᠲᠠ ᠪᠣᠯᠤᠨ ᠬᠠᠪᠤᠷ ᠤᠨ ᠤᠯᠠᠷᠢᠯ ᠤᠨ  ᠰᠤᠷᠤᠯᠭ᠎ᠠ ᠡᠬᠢᠯᠡᠬᠦ ᠬᠤᠭᠤᠴᠠᠭᠠᠨ ᠤ ᠬᠢᠵᠢᠭ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠨ ᠬᠢᠵᠦ᠂ ᠡᠷᠡᠭᠦᠯ ᠮᠡᠨᠳᠦ ᠶᠢᠨ ᠬᠢᠨᠠᠯᠳᠠ᠂ ᠪᠥᠭᠡᠮ ᠬᠦᠴᠢᠯ ᠤᠨ ᠪᠠᠶᠢᠴᠠᠭᠠᠯᠲᠡ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠬᠡᠷ  ᠤᠨ ᠠᠬᠠᠮᠠᠳ ᠲᠤ  ᠤᠷᠢᠳᠴᠢᠯᠠᠨ ᠮᠡᠳᠡᠭᠳᠡᠬᠦ ᠬᠡᠷᠡᠭᠲᠡᠶ᠃     ᠳᠣᠯᠤᠭ᠎ᠠ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠲᠦᠷᠢᠮ ᠲᠣᠭᠲᠠᠭᠠᠯ ᠢ ᠤᠬᠠᠮᠰᠠᠷ ᠠᠴᠠ ᠪᠠᠨ ᠰᠠᠬᠢᠵᠤ᠂  ᠬᠤᠯᠪᠣᠭᠳᠠᠯ ᠪᠥᠬᠦᠶ ᠪᠠᠶᠢᠳᠠᠯ ᠢᠶᠠᠨ  ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠠᠭᠠᠨ ᠦᠨᠡᠨ ᠮᠦᠨ ᠢᠶᠠᠷ ᠨᠢ ᠮᠡᠳᠡᠭᠦᠯᠵᠦ᠂  ᠰᠡᠷᠭᠡᠶᠢᠯᠡᠨ ᠡᠵᠡᠮᠳᠡᠬᠦ ᠠᠵᠢᠯ   ᠢ ᠤᠬᠠᠮᠰᠠᠷ ᠠᠴᠠ ᠪᠠᠨ ᠬᠠᠮᠵᠢᠯᠴᠠᠨ  ᠪᠡᠶᠡᠯᠡᠬᠦᠯᠬᠦ  ᠬᠡᠷᠡᠭᠲᠡᠶ᠃ ᠵᠠᠮ ᠮᠦᠷ᠂ ᠡᠷᠡᠬᠦᠯ ᠮᠡᠨᠳᠦ ᠶᠢᠨ ᠪᠠᠶᠢᠳᠠᠯ ᠢᠶᠠᠨ ᠵᠣᠷᠢᠭᠤᠳᠠ ᠪᠠᠷ ᠨᠢᠭᠤᠵᠤ᠂ ᠬᠢᠵᠢᠭ ᠰᠡᠷᠭᠡᠶᠢᠯᠡᠬᠦ  ᠲᠦᠷᠢᠮ ᠲᠣᠭᠲᠠᠭᠠᠯ ᠢ ᠬᠡᠷᠡᠭᠵᠢᠭᠦᠯᠬᠦ ᠦᠭᠡᠶ ᠬᠥᠮᠦᠰ ᠠᠴᠠ ᠬᠠᠤᠯᠢ ᠶᠢᠨ ᠲᠠᠭᠠᠤ ᠬᠠᠷᠢᠭᠤᠴᠠᠯᠭ᠎ᠠ ᠨᠡᠬᠡᠮᠵᠢᠯᠡᠨ᠎ᠡ᠃                                                ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                                                                2021 ᠣᠨ ᠤ 12 ᠰᠠᠷ᠎ᠠ ᠶᠢᠨ 21 ᠤ ᠡᠳᠦᠷ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号