ᠨᠤᠮ ᠪᠢᠴᠢᠭ ᠬᠠᠨᠳᠢᠪᠯᠠᠵᠤ  ᠰᠤᠶᠤᠯ ᠤᠨ ᠠᠮᠢᠳᠤᠷᠠᠯ ᠢ ᠪᠠᠶᠠᠯᠢᠬᠵᠢᠭᠤᠯᠪᠠ
ᠨᠡᠶᠢᠲᠡᠯᠡᠭᠰᠡᠨ ᠴᠠᠭ᠄
2021/12/23
12 ᠰᠠᠷ᠎ᠠ ᠶᠢᠨ 22 ᠤᠨ ᠡᠳᠦᠷ  ᠂  ᠲᠠᠶᠢᠹᠤᠰᠧ ᠬᠤᠰᠢᠭᠤᠨ ᠤ ᠰᠢᠨᠬᠤᠸᠠ ᠨᠣᠮ ᠤᠨ ᠳᠡᠯᠭᠡᠭᠦᠷ ᠨᠢ ᠯᠦᠸᠧ ᠲᠦᠸᠧ ᠱᠠᠨ ᠪᠠᠯᠭᠠᠰᠤᠨ ᠤ  19 ᠲᠣᠰᠬᠤᠨ ᠤ 《 ᠲᠠᠯ᠎ᠠ ᠨᠤᠲᠤᠭ ᠤᠨ ᠨᠣᠮ ᠤᠨ ᠥᠷᠥᠭᠡ 》 ᠳᠤ ᠡᠯ᠎ᠡ ᠲᠥᠷᠥᠯ ᠤᠨ ᠨᠣᠮ ᠪᠢᠴᠢᠭ  ᠬᠠᠨᠳᠢᠪᠯᠠᠭᠰᠠᠨ ᠪᠠᠶᠢᠨ᠎ᠠ᠃   ᠡᠨᠡ  ᠤᠳᠠᠭᠠᠨ ᠤ ᠬᠠᠨᠳᠢᠪᠯᠠᠭᠰᠠᠨ ᠡᠯ᠎ᠡ ᠲᠥᠷᠥᠯ ᠤᠨ ᠨᠣᠮ ᠪᠢᠴᠢᠭ 1200 ᠭᠠᠷᠤᠶ ᠳᠡᠪᠲᠡᠷ ᠪᠠᠶᠢᠵᠤ᠂  ᠦᠷᠳᠡᠭᠴᠢᠯᠡᠨ ᠪᠤᠳᠤᠪᠠᠯ ᠨᠡᠶᠢᠲᠡ 4 ᠲᠦᠮᠡ ᠭᠠᠷᠤᠶ ᠲᠥᠭᠦᠷᠢᠭ   ᠲᠤ ᠬᠦᠷᠪᠡ᠃  
ᠨᠤᠮ ᠪᠢᠴᠢᠭ ᠤᠨ ᠠᠭᠤᠯᠭ᠎ᠠ ᠳᠤ᠂ ᠨᠠᠮ ᠲᠦᠷᠦ ᠶᠢᠨ ᠴᠢᠬᠤᠯᠠ ᠵᠣᠷᠢᠭ ᠰᠠᠨᠠᠭ᠎ᠠ᠂ ᠲᠥᠷᠥ ᠶᠢᠨ ᠪᠣᠳᠣᠯᠭ᠎ᠠ᠂ ᠬᠠᠤᠯᠢ ᠲᠦᠷᠢᠮ᠂  ᠰᠣᠩᠭᠤᠳᠠᠭ ᠤᠳᠬ᠎ᠠ ᠵᠣᠬᠢᠶᠠᠯ᠂ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ᠂  ᠪᠠᠶᠠᠵᠢᠵᠤ ᠴᠢᠨᠡᠭᠡᠯᠢᠭᠵᠢᠭᠰᠡᠨ ᠬᠡᠷᠡᠭ ᠤᠨ ᠵᠢᠱᠢᠶ᠎ᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂  ᠲᠠᠷᠢᠵᠤ ᠤᠷᠭᠤᠭᠤᠯᠬᠤ᠂  ᠲᠡᠵᠢᠭᠡᠨ ᠦᠷᠡᠵᠢᠭᠦᠯᠬᠦ  ᠵᠡᠷᠭᠡ ᠡᠯ᠎ᠡ ᠲᠥᠷᠥᠯ ᠤᠨ ᠮᠡᠳᠡᠯᠭᠡ ᠪᠠᠭᠳᠠᠵᠠᠢ᠃  ᠡᠨᠡ ᠤᠳᠠᠭᠠᠨ ᠤ ᠨᠣᠮ ᠬᠠᠨᠳᠢᠪᠯᠠᠬᠤ ᠠᠵᠢᠯᠯᠠᠭ᠎ᠠ ᠨᠢ ᠪᠥᠬᠦ ᠪᠠᠯᠭᠠᠰᠤᠨ ᠤ 《 ᠲᠠᠯ᠎ᠠ ᠨᠤᠲᠤᠭ ᠤᠨ ᠨᠣᠮ ᠤᠨ ᠥᠷᠥᠭᠡ 》 ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠶᠡᠭᠡᠪᠡᠷ ᠪᠠᠶᠠᠯᠢᠬᠵᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂   ᠯᠦᠸᠧ ᠲᠦᠸᠧ ᠱᠠᠨ ᠪᠠᠯᠭᠠᠰᠤᠨ ᠤ ᠬᠢᠨ ᠨᠣᠮ ᠤᠨ  ᠦᠷᠦᠭᠡᠨ ᠤ  ᠠᠰᠢᠭᠯᠠᠯᠳᠠ   ᠶᠢ ᠦᠷᠭᠦᠯᠵᠢᠯᠡᠨ ᠳᠡᠭᠡᠭᠰᠢᠯᠡᠭᠦᠯᠵᠦ᠂ ᠨᠣᠮ ᠤᠩᠰᠢᠬᠤ ᠶᠢᠨ ᠴᠢᠬᠤᠯᠠ ᠴᠢᠨᠠᠷ ᠢ ᠶᠡᠭᠡ ᠪᠠᠷ ᠤᠬᠠᠭᠤᠯᠤᠨ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ 《 ᠨᠣᠮ ᠰᠠᠶᠢᠨ ᠤᠩᠰᠢᠬᠤ᠂  ᠰᠠᠶᠢᠨ ᠨᠣᠮ ᠤᠩᠰᠢᠬᠤ 》 ᠳᠠᠳᠬᠠᠯ ᠲᠠᠢ ᠪᠣᠯᠭᠠᠵᠤ᠂ ᠨᠣᠮ ᠪᠢᠴᠢᠭ ᠤᠩᠰᠢᠬᠤ ᠳᠤᠮᠳᠠ 《 ᠪᠠᠶᠠᠵᠢᠯ ᠤᠨ ᠵᠠᠮ 》 ᠢ ᠬᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠨᠠᠩ ᠢᠯᠡᠬᠦᠦ ᠬᠦᠴᠦᠨ ᠨᠡᠮᠡᠷᠢᠯᠡᠬᠦ ᠪᠠᠷ ᠪᠠᠶᠢᠨ᠎ᠠ᠃ ᠰᠢᠨᠬᠤᠸᠠ ᠨᠣᠮ ᠤᠨ ᠳᠡᠯᠭᠡᠭᠦᠷ ᠤᠨ ᠵᠠᠬᠢᠷᠤᠯ ᠮᠠ ᠶᠤᠸᠠᠨ ᠴᠢᠩ᠂  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ᠂ ᠤᠬᠠᠭᠤᠯᠬᠤ ᠭᠡᠰᠢᠭᠦᠨ ᠵᠠᠩ ᠪᠢᠨ  ᠡᠨᠡ ᠤᠳᠠᠭᠠᠨ ᠤ ᠨᠣᠮ ᠪᠢᠴᠢᠭ ᠬᠠᠨᠳᠢᠪᠯᠠᠬᠤ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号