ᠴᠧᠨ ᠶᠠᠨ ᠪᠤᠤ ᠬᠤᠩ ᠴᠢ  ᠪᠠᠯᠭᠠᠰᠤᠨ ᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/12/23
 12 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂  ᠣᠷᠣᠯᠠᠭᠴᠢ ᠬᠤᠰᠢᠭᠤ ᠳᠠᠷᠤᠭ᠎ᠠ ᠴᠧᠨ ᠶᠠᠨ ᠪᠤᠤ ᠬᠤᠩ ᠴᠢ ᠪᠠᠯᠭᠠᠰᠤᠨ ᠤ ᠴᠢᠩ ᠹᠧᠩ ᠲᠤᠰᠬᠤᠨ᠂ ᠬᠤᠩ ᠵᠢᠩ ᠲᠤᠰᠬᠤᠨ᠂ ᠬᠤᠩ ᠱᠧᠩ ᠲᠣᠰᠬᠤᠨ ᠳᠤ  ᠬᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ  ᠪᠠᠬᠢᠵᠢᠬᠦᠯᠦᠨ ᠦᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠤᠭᠰᠠᠨ ᠪᠠᠶᠢᠨ᠎ᠠ᠃  ᠴᠧᠨ ᠶᠠᠨ ᠪᠤᠤ ᠴᠢᠬᠤᠯᠠᠴᠢᠯᠠᠬᠤ ᠳᠠᠭᠠᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠪᠣᠯ ᠣᠳᠣᠬᠠᠨ ᠤ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠨᠠᠩ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠮᠥᠨ᠃ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠢᠨᠠᠨ ᠬᠡᠮᠵᠢᠬᠦ ᠡᠷᠦᠬᠡ ᠬᠢᠭᠡᠳ ᠬᠥᠪᠡᠭᠡᠳᠡᠵᠦ ᠪᠠᠶᠢᠭ᠎ᠠ ᠭᠡᠷ ᠪᠦᠯᠢ ᠶᠢᠨ ᠣᠷᠣᠯᠭ᠎ᠠ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠵᠦᠢᠯ ᠤᠨ ᠣᠷᠣᠯᠭ᠎ᠠ ᠵᠠᠷᠤᠯᠭ᠎ᠠ   ᠶᠢᠨ ᠲᠠᠩᠰᠠ ᠶᠢ  ᠨᠠᠷᠢᠨ ᠨᠢᠮᠪᠠᠢ ᠬᠠᠷᠭᠤᠭᠤᠯᠤᠨ ᠪᠤᠳᠤᠬᠤ ᠬᠡᠷᠡᠭᠲᠡᠶ᠃ ᠡᠪᠡᠳᠴᠢᠨ ᠡᠮᠭᠡᠭ᠂ ᠭᠠᠮᠰᠢᠭ ᠵᠤᠳ᠂ ᠭᠡᠨᠡᠳᠲᠡ ᠶᠢᠨ ᠠᠳᠡᠯ ᠵᠡᠷᠭᠡ ᠠᠴᠠ ᠪᠣᠯᠵᠣ ᠦᠨᠳᠦᠰᠦᠨ ᠠᠮᠢᠳᠤᠷᠠᠯ ᠨᠢ ᠬᠦᠨᠳᠦ  ᠬᠦᠴᠢᠷᠳᠡᠯ ᠳᠤ ᠲᠤᠯᠭᠠᠷᠠᠭᠰᠠᠨ ᠣᠷᠣᠯᠭ᠎ᠠ ᠪᠠᠭᠠᠲᠠᠶ ᠬᠥᠮᠦᠰ ᠢ  ᠰᠠᠶᠢᠳᠤᠷ ᠠᠩᠬᠠᠷᠴᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠤᠯᠤᠰ ᠣᠷᠣᠨ ᠤ ᠰᠢᠯᠭᠠᠨ ᠪᠠᠶᠢᠴᠠᠭᠠᠯᠳᠠ ᠶᠢ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠲᠤᠭᠤᠯᠬᠤ ᠬᠡᠷᠡᠭᠲᠡᠶ᠃  ᠲᠣᠰᠬᠤᠨ ᠤ  ᠤᠳᠤᠷᠢᠳᠬᠤ ᠪᠠᠭ ᠤᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠲᠣᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ ᠠᠷᠭ᠎ᠠ ᠤᠬᠠᠭᠠᠨ ᠭᠠᠷᠭᠠᠵᠤ᠂ ᠠᠷᠭ᠎ᠠ ᠵᠠᠮ ᠡᠷᠢᠵᠦ᠂ ᠲᠣᠰᠬᠤᠨ  ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ ᠲᠤᠬᠠᠶ ᠶᠢᠨ ᠭᠠᠵᠠᠷ ᠤᠨ ᠠᠷᠠᠳ ᠣᠯᠠᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ᠃ ᠭᠠᠵᠠᠷ ᠤᠷᠤᠨ ᠳᠠᠭᠠᠨ ᠳᠣᠭᠢᠷᠬᠠᠰᠠᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠨᠠᠷᠢᠨ ᠨᠢᠮᠪᠠᠶ ᠰᠣᠩᠭᠤᠵᠤ᠂ ᠢᠯᠠᠩᠭᠤᠶ᠎ᠠ ᠨᠢᠭᠡᠨᠲᠡ ᠲᠣᠭᠲᠠᠭᠠᠭᠰᠠᠨ ᠲᠥᠷᠥᠯ ᠵᠦᠢᠯ ᠢ ᠱᠠᠯᠠᠪᠳᠠᠨ ᠬᠡᠷᠡᠭᠵᠢᠭᠦᠯᠵᠦ᠂  ᠤᠨᠢᠨ ᠲᠡᠭᠡᠷ᠎ᠡ ᠨᠢ ᠬᠦᠴᠦᠯᠡᠨ᠂ ᠣᠯᠠᠨ ᠲᠦᠮᠡᠨ  ᠳᠤ ᠪᠠᠶᠠᠵᠢᠯ ᠤᠨ ᠵᠠᠮ ᠢ ᠲᠦᠷᠭᠡᠬᠡᠨ ᠣᠯᠵᠤ ᠥᠭᠴᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ  ᠶᠢ  ᠠᠬᠢᠭᠤᠯᠤᠨ᠂  ᠠᠷᠠᠳ ᠤᠨ ᠠᠮᠢᠳᠤᠷᠠᠯ ᠢ ᠴᠢᠨᠡᠭᠡᠯᠢᠭᠵᠢᠭᠦᠯᠬᠦ ᠬᠡᠷᠡᠭᠲᠡᠶ ᠭᠡᠵᠡᠢ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号