ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/23
 12 ᠰᠠᠷ᠎ᠠ ᠶᠢᠨ 23 ᠤ ᠡᠳᠦᠷ᠂ ᠰᠢᠩ ᠹᠦ᠋ ᠰᠢᠶᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ  ᠶᠢᠨ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ ᠨᠠᠮ ᠤᠨ ᠬᠤᠷᠢᠶᠠᠨ ᠤ ᠱᠦᠵᠢ ᠰᠦᠩ ᠹᠧᠩ ᠬᠤᠷᠠᠯ ᠢ ᠡᠷᠬᠢᠯᠡᠵᠦ᠂  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ( ᠥᠷᠭᠡᠳᠬᠡᠭᠰᠡᠨ ) ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠱᠠᠭᠠᠷᠳᠠᠯᠭ᠎ᠠ ᠲᠠᠯᠪᠢᠭᠰᠠᠨ ᠪᠠᠶᠢᠨ᠎ᠠ᠂ ᠲᠤᠬᠠᠶᠢᠯᠠᠪᠠᠯ ᠄ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠰᠢᠭᠤᠨ ᠤ ᠬᠤᠷᠠᠯ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠡᠭᠡᠷ᠎ᠡ  ᠨᠢᠬᠡᠳᠬᠡᠨ᠂  ᠪᠦᠬᠦ ᠰᠢᠶᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠤᠶᠠᠷ ᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠨ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠵᠤ᠂ ᠨᠢᠭᠡ ᠠᠴᠠ ᠨᠦᠬᠦᠭᠡ ᠶᠢ  ᠵᠦᠢᠴᠢᠯᠡᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂  ᠱᠠᠭᠠᠷᠳᠠᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ 《 ᠨᠢᠭᠡᠳᠦᠭᠡᠷ ᠬᠠᠷᠢᠭᠤᠴᠠᠯᠭᠠᠲᠠᠨ 》 ᠤ  ᠡᠬᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠢ  ᠨᠠᠶᠢᠳᠠᠪᠤᠷᠢᠵᠢᠭᠤᠯᠤᠨ᠂  ︽ᠨᠢᠭᠡ ᠬᠥᠯᠭᠡ ᠰᠢᠳᠠᠷ᠎ᠠ  ︾   ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠨ᠂ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ  ᠪᠠᠨ ᠪᠣᠳᠣᠯᠬᠢᠯᠠᠬᠤ᠂ ᠬᠠᠷᠢᠭᠤᠴᠠᠯᠭ᠎ᠠ ᠪᠠᠨ ᠭᠦᠢᠴᠡᠳᠬᠡᠬᠦᠤ᠋ ᠶᠢ ᠪᠡᠶᠡᠯᠡᠭᠦᠯᠬᠦ ᠬᠡᠷᠡᠭᠲᠡᠢ  ᠭᠡᠵᠦ ᠱᠠᠭᠠᠷᠳᠠᠪᠠ᠃ ᠨᠠᠮ  ᠤᠨ ᠬᠤᠷᠢᠶᠠᠨ ᠤ ᠳᠡᠳ᠋ ᠱᠦᠵᠢ ᠵᠠᠩ ᠪᠥᠸᠧ 《 ᠲᠠᠶᠢᠹᠤᠰᠧ ᠬᠤᠰᠢᠭᠤᠨ ᠤ  ᠱᠠᠭᠠᠷᠳᠠᠨ ᠪᠠᠶᠢᠴᠠᠭᠠᠯᠳᠠ   ᠳᠤ ᠢᠯᠡᠷᠡᠭᠰᠡᠨ ᠠᠰᠠᠭᠤᠳᠠᠯ ᠤᠨ ᠨᠠᠷᠢᠨ ᠪᠠᠶᠢᠳᠠᠯ  》 ᠢ  ᠨᠡᠶᠢᠳᠡᠯᠡᠨ ᠮᠡᠳᠡᠭᠳᠡᠵᠦ᠂  ᠠᠰᠠᠭᠤᠳᠠᠯ ᠤᠨ ᠰᠢᠯᠲᠠᠭᠠᠨ ᠳᠤ ᠵᠠᠳᠠᠯᠤᠯᠳᠠ ᠬᠢᠭᠰᠡᠨ ᠤ ᠬᠠᠮᠳᠤ᠂ ᠰᠢᠢᠳᠪᠦᠷᠢᠯᠡᠬᠦ ᠠᠷᠭ᠎ᠠ ᠶᠢᠨ ᠲᠤᠬᠠᠢ ᠬᠤᠷᠠᠯ ᠳᠤ ᠣᠷᠣᠯᠴᠠᠭᠰᠠᠳ ᠲᠠᠢ  ᠰᠠᠨᠠᠯ  ᠢᠶᠠᠨ ᠶᠠᠷᠢᠯᠴᠠᠪᠠ᠃  ᠳᠡᠳ᠋ ᠰᠢᠶᠠᠩ ᠤᠨ ᠳᠠᠷᠤᠭ᠎ᠠ ᠬᠦᠶ ᠯᠦᠩ 《 ᠲᠠᠩᠰᠠᠯᠠᠭᠰᠠᠨ ᠡᠷᠦᠬᠡ ᠶᠢᠨ ᠢᠯᠡ ᠺᠠᠷᠲ ( 2021 ᠣᠨ ) 》 ᠲᠤ ᠨᠠᠷᠢᠨ ᠲᠠᠶᠢᠯᠤᠮᠵᠢ ᠬᠢᠭᠰᠡᠨ ᠪᠥᠭᠡᠳ 《 ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠭᠰᠡᠨ ᠤ ᠳᠠᠷᠠᠭᠠᠬᠢ ᠦᠨᠡᠯᠡᠨ ᠵᠢᠱᠢᠬᠦ ᠠᠵᠢᠯ ᠤᠨ ᠵᠢᠯᠣᠭᠤᠳᠤᠮᠵᠢ  》᠂ 《 ᠰᠢᠯᠢ ᠶᠢᠨ ᠭᠤᠤᠯ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠥᠷᠥ ᠶᠢᠨ ᠪᠣᠳᠣᠯᠭ᠎ᠠ ᠶᠢᠨ ᠭᠠᠷ ᠠᠪᠤᠯᠭ᠎ᠠ 》 ᠳᠤ ᠲᠠᠶᠢᠯᠤᠮᠵᠢ ᠬᠢᠵᠡᠢ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号