ᠵᠢᠮᠢᠰ ᠢᠶᠠᠷ ᠣᠷᠣᠢ ᠶᠢᠨ ᠬᠤᠭᠤᠯᠠ ᠪᠠᠨ ᠤᠷᠤᠭᠯᠠᠭᠤᠯᠪᠠᠯ ᠮᠠᠷᠢᠶ᠎ᠠ ᠪᠠᠨ ᠰᠢᠭᠤᠶᠢᠷᠠᠭᠤᠯᠵᠤ ᠳᠡᠶᠢᠯᠤᠨ᠎ᠠ ᠤᠤ
ᠨᠡᠶᠢᠲᠡᠯᠡᠭᠰᠡᠨ ᠴᠠᠭ᠄
2021/12/27
  ᠵᠢᠮᠢᠰ ᠢᠶᠠᠷ ᠣᠷᠣᠢ ᠶᠢᠨ ᠬᠤᠭᠤᠯᠠ ᠪᠠᠨ ᠤᠷᠤᠭᠯᠠᠭᠤᠯᠪᠠᠯ ᠦᠨᠡᠬᠡᠷ ᠮᠠᠷᠢᠶ᠎ᠠ ᠰᠢᠭᠤᠷᠠᠭᠤᠯᠬᠤ ᠵᠣᠷᠢᠯᠭ᠎ᠠ ᠳᠤ ᠪᠠᠨ ᠬᠦᠷᠴᠦ ᠴᠢᠳᠠᠨ᠎ᠠ ᠤᠤ︖   ᠣᠷᠣᠢ ᠶᠢᠨ ᠬᠤᠭᠤᠯᠠ ᠪᠠᠨ ᠵᠢᠮᠢᠰ ᠢᠶᠠᠷ ᠣᠷᠣᠯᠠᠭᠤᠯᠵᠤ ᠮᠠᠷᠢᠶ᠎ᠠ ᠰᠢᠭᠤᠷᠠᠭᠤᠯᠬᠤ ᠨᠢ ᠦᠨᠡᠬᠡᠷ ᠨᠢᠭᠡᠨ ᠪᠤᠷᠤᠭᠤ ᠰᠣᠩᠭᠤᠯᠲᠠ ᠶᠤᠮ᠃ ᠡᠳᠦᠷ ᠪᠦᠷᠢ ᠭᠤᠷᠪᠠᠨ ᠡᠷᠢᠨ ᠤ ᠬᠤᠭᠤᠯᠠ ᠪᠠᠨ ᠰᠠᠶᠢᠨ ᠢᠳᠡᠬᠦ ᠪᠤᠯ ᠡᠷᠡᠭᠦᠯ ᠡᠩᠭᠡ ᠶᠠᠪᠤᠬᠤ ᠶᠢᠨ ᠰᠠᠭᠤᠷᠢ ᠮᠥᠨ᠃ ᠭᠤᠣᠯ ᠬᠤᠭᠤᠯᠠ ᠪᠠᠨ ᠢᠳᠡᠬᠦ ᠦᠭᠡᠢ ᠪᠠᠷ ᠮᠠᠷᠢᠶ᠎ᠠ ᠰᠢᠭᠤᠷᠠᠭᠤᠯᠬᠤ ᠨᠢ ᠵᠣᠬᠢᠰ ᠦᠭᠡᠢ᠂ ᠢᠳᠡᠰᠢᠨ ᠨᠣᠭᠤᠭ᠎ᠠ ᠭᠤᠣᠯ ᠬᠤᠭᠤᠯᠠ ᠶᠢ ᠤᠷᠤᠯᠠᠵᠤ ᠴᠢᠳᠠᠬᠤ ᠦᠭᠡᠢ᠂ ᠵᠢᠮᠢᠰ ᠨᠢ ᠴᠦ ᠭᠤᠤᠯ ᠬᠤᠭᠤᠯᠠ ᠶᠢ ᠣᠷᠣᠯᠠᠵᠤ ᠳᠡᠶᠢᠯᠬᠦ ᠦᠭᠡᠢ ᠶᠤᠮ᠃ ᠵᠢᠮᠢᠰ ᠨᠢ ᠵᠥᠪᠬᠡᠨ ᠴᠠᠭ ᠤᠨ ᠬᠤᠭᠤᠯᠠᠨ ᠠᠴᠠ ᠭᠠᠳᠠᠨᠠᠬᠢ ᠨᠥᠬᠦᠪᠥᠷᠢ ᠪᠤᠯᠳᠠᠭ᠃ ᠤᠭᠤᠷᠠᠭ᠂ ᠥᠭᠡᠬᠦ᠂ ᠤᠰᠤᠨ ᠤ ᠨᠢᠭᠡᠳᠪᠦᠷᠢ ᠪᠣᠯ ᠬᠥᠮᠦᠨ ᠤ ᠪᠡᠶ᠎ᠡ ᠳᠤ ᠱᠠᠭᠠᠷᠳᠠᠭᠳᠠᠬᠤ ᠬᠡᠮᠵᠢᠶ᠎ᠡ ᠨᠢ ᠬᠠᠮᠤᠭ ᠤᠨ ᠶᠡᠭᠡ ᠭᠤᠷᠪᠠᠨ ᠵᠦᠢᠯ ᠤᠨ ᠰᠢᠮ᠎ᠡ ᠲᠡᠵᠢᠭᠡᠯᠲᠦ ᠡᠳ᠋ ᠪᠠᠶᠢᠵᠤ᠂ ᠬᠥᠮᠦᠨ ᠤ ᠪᠡᠶ᠎ᠡ ᠶᠢᠨ ᠡᠷᠬᠡᠪᠰᠢ ᠬᠡᠷᠡᠭᠰᠡᠬᠦ ᠰᠢᠮ᠎ᠡ ᠲᠡᠵᠢᠭᠡᠯᠲᠦ ᠡᠳ᠋ ᠪᠥᠭᠡᠳ ᠴᠢᠬᠤᠯᠠ ᠹᠢᠽᠢᠦᠯᠤᠭᠢ ᠶᠢᠨ ᠦᠢᠯᠡᠳᠦᠯ ᠦᠵᠡᠭᠦᠯᠵᠦ ᠪᠠᠶᠢᠳᠠᠭ᠃ ᠵᠢᠮᠢᠰ ᠤᠨ ᠳᠣᠲᠣᠷ᠎ᠠ ᠤᠰᠤ ᠠᠷᠪᠢᠨ ᠠᠭᠤᠯᠤᠭᠳᠠᠵᠤ᠂ ᠶᠡᠷᠦ ᠳᠤ ᠪᠠᠨ ᠰᠢᠬᠢᠷ ᠴᠤ ᠴᠥᠭᠡᠨ ᠪᠤᠰᠤ ᠪᠠᠶᠢᠳᠠᠭ᠂ ᠭᠡᠪᠡᠴᠦ ᠤᠭᠤᠷᠠᠭ ᠲᠤᠩ ᠴᠥᠭᠡᠨ ᠪᠥᠭᠡᠳ ᠬᠥᠮᠦᠨ ᠤ ᠪᠡᠶ᠎ᠡ ᠳᠤ ᠳᠤᠲᠠᠭᠳᠠᠵᠤ ᠪᠣᠯᠤᠰᠢ ᠦᠭᠡᠢ ᠪᠠᠶᠢᠳᠠᠭ ᠥᠭᠡᠬᠦᠨ ᠬᠦᠴᠢᠯ ᠪᠠᠷᠤᠭ ᠠᠭᠤᠯᠤᠭᠳᠠᠬᠤ ᠦᠭᠡᠢ ᠪᠠᠶᠢᠳᠠᠭ᠂ ᠵᠥᠪᠬᠡᠨ ᠵᠢᠮᠢᠰ ᠢᠳᠡᠬᠦ ᠨᠢ ᠬᠥᠮᠦᠨ ᠤ ᠪᠡᠶ᠎ᠡ ᠶᠢᠨ ᠬᠤᠷᠸ᠎ᠠ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠳᠤ ᠬᠤᠯᠠ ᠬᠦᠷᠦᠯᠴᠡᠬᠦ ᠦᠭᠡᠢ ᠶᠤᠮ᠃    ᠲᠡᠶᠢᠮᠦ ᠠᠴᠠ ᠵᠢᠮᠢᠰ ᠢ ᠢᠳᠡᠬᠦ ᠦᠭᠡᠢ ᠪᠣᠯ ᠪᠣᠯᠬᠤ ᠦᠭᠡᠢ ᠂ ᠳᠤᠲᠠᠭᠤ ᠢᠳᠡᠪᠡᠴᠦ ᠪᠣᠯᠬᠤ ᠦᠭᠡᠢ ᠂ ᠢᠯᠡᠭᠦᠦ ᠢᠳᠡᠪᠡᠴᠦ ᠪᠣᠯᠬᠤ ᠦᠭᠡᠢ ᠪᠠᠶᠢᠳᠠᠭ ᠃ ᠵᠢᠮᠢᠰ ᠢᠶᠠᠷ ᠴᠠᠭ ᠤᠨ ᠬᠤᠭᠤᠯᠠ ᠶᠢ ᠣᠷᠣᠯᠠᠭᠤᠯᠵᠤ ᠪᠣᠯᠬᠤ ᠦᠭᠡᠢ ᠂ ᠵᠢᠮᠢᠰ ᠢᠯᠡᠭᠦᠦ ᠢᠳᠡᠵᠦ ᠂ ᠴᠠᠭ ᠤᠨ ᠬᠤᠭᠤᠯᠠ ᠪᠠᠨ ᠪᠠᠭ᠎ᠠ ᠢᠳᠡᠬᠦ ᠠᠷᠭ᠎ᠠ ᠮᠠᠶ᠋ᠢᠭ ᠢᠶᠠᠷ ᠮᠠᠷᠢᠶ᠎ᠠ ᠰᠢᠭᠤᠷᠠᠭᠤᠯᠬᠤ ᠨᠢ ᠨᠡᠩ ᠴᠤ ᠪᠣᠯᠬᠤ ᠦᠭᠡᠢ ᠬᠢᠳᠡᠯ ᠃ ᠵᠢᠮᠢᠰ ᠨᠢ ᠰᠢᠬᠢᠷᠯᠢᠭ ᠠᠮᠲᠠᠲᠠᠶ ᠪᠤᠯᠬᠤᠷ ᠬᠥᠮᠦᠰ ᠠᠮᠠᠷᠬᠠᠨ ᠬᠡᠲᠦᠷᠡᠲᠡᠯ᠎ᠡ ᠢᠳᠡᠵᠦ ᠂ ᠰᠠᠨᠠᠮᠰᠠᠷ ᠦᠭᠡᠢ ᠪᠠᠷ ᠰᠢᠬᠢᠷ ᠢ ᠳᠡᠩᠳᠡᠭᠦᠦ ᠠᠷᠪᠢᠨ ᠢᠳᠡᠬᠦ ᠳᠤ ᠬᠦᠷᠴᠦ ᠂ ᠮᠠᠷᠢᠶ᠎ᠠ ᠰᠢᠭᠤᠷᠠᠭᠤᠯᠬᠤ ᠭᠡᠳ ᠭᠡᠳᠡᠷᠭᠦ ᠪᠠᠨ ᠮᠠᠷᠢᠶᠠᠯᠠᠵᠤ ᠮᠡᠳᠡᠨ᠎ᠠ ᠂ ᠡᠭᠦᠨ ᠤ ᠬᠠᠮᠲᠤ ᠪᠠᠰᠠ ᠰᠢᠮ᠎ᠡ ᠲᠡᠵᠢᠭᠡᠯ ᠲᠡᠩᠴᠡᠭᠦᠷᠢ ᠦᠭᠡᠶ ᠠᠰᠠᠭᠤᠳᠠᠯ ᠭᠠᠷᠴᠤ ᠮᠡᠳᠡᠨ᠎ᠡ ᠃    ᠵᠢᠮᠢᠰ ᠢᠳᠡᠵᠦ ᠮᠠᠷᠢᠶ᠎ᠠ ᠰᠢᠭᠤᠷᠠᠭᠤᠯᠬᠤ ᠪᠤᠯ ᠨᠢᠭᠡᠨ ᠶᠡᠭᠡ ᠪᠤᠷᠤᠭᠤ ᠣᠢᠢᠯᠠᠭᠠᠯᠲᠠ ᠶᠤᠮ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号