ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠬᠠᠤᠯᠢ ᠶᠣᠰᠣᠭᠠᠷ ᠰᠠᠶᠢᠵᠢᠷᠠᠭᠤᠯᠵᠤ᠂ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠤᠶ᠎ᠠ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ ᠪᠠᠳᠤᠯᠠᠭᠳᠠᠪᠠ
ᠨᠡᠶᠢᠲᠡᠯᠡᠭᠰᠡᠨ ᠴᠠᠭ᠄
2021/12/27
   2021 ᠣᠨ ᠤ 11 ᠳ᠋ᠤᠭᠡᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ︾ ᠢ ᠪᠠᠲᠤᠯᠠᠵᠤ ᠂ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠨᠡ ᠨᠢ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠬᠠᠤᠯᠢ ᠪᠠᠷ ᠵᠠᠰᠠᠬᠤ ᠴᠠᠭ ᠦᠶ᠎ᠡ ᠳᠤ ᠤᠷᠤᠭᠰᠠᠨ ᠢ ᠬᠠᠷᠠᠭᠤᠯᠵᠦ ᠪᠠᠶᠢᠨ᠎ᠠ᠃    ᠲᠦᠷᠢᠮ ᠢ ᠨᠡᠶᠢᠲᠡᠯᠡᠭᠰᠡᠨ ᠠᠬᠤᠶ ᠪᠠᠶᠢᠳᠠᠯ ᠣᠶᠢᠷ᠎ᠠ ᠶᠢᠨ ᠵᠢᠯ ᠤᠳ ᠲᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠬᠤᠲᠠ ᠪᠠᠯᠭᠠᠰᠤ ᠶᠢᠨ ᠬᠡᠪᠴᠢᠶ᠎ᠡ ᠥᠷᠭᠡᠳᠬᠦ ᠪᠠ ᠬᠥᠮᠦᠨ ᠠᠮᠠ ᠲᠠᠰᠤᠷᠠᠯᠲᠠ ᠥᠬᠡᠶ ᠨᠡᠮᠡᠭᠳᠡᠵᠦ᠂ ᠠᠮᠢᠳᠤᠷᠠᠯ ᠤᠨ ᠬᠤᠭ ᠨᠣᠪᠰᠢ ᠶᠢᠨ ᠡᠭᠦᠰᠬᠦ ᠬᠡᠮᠵᠢᠶ᠎ᠡ ᠡᠳᠦᠷ ᠢᠷᠡᠬᠦᠶ᠎ᠡ ᠨᠡᠮᠡᠭᠳᠡᠵᠦ᠂ ᠡᠬᠢ ᠪᠠᠶᠠᠯᠢᠭ ᠣᠷᠴᠢᠨ ᠲᠣᠭᠤᠷᠢᠨ᠂ ᠬᠤᠲᠠ ᠶᠢᠨ ᠡᠷᠡᠭᠦᠯ ᠬᠠᠮᠠᠭᠠᠯᠠᠯ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠯᠤᠲᠤ ᠶᠡᠭᠡ ᠳᠠᠷᠤᠯᠲᠠ ᠤᠴᠠᠷᠠᠭᠤᠯᠵᠤ᠂ ᠬᠤᠭ ᠨᠣᠪᠰᠢ ᠶᠢ ᠰᠢᠢᠳᠪᠦᠷᠢᠯᠡᠬᠦ ᠠᠰᠠᠭᠤᠳᠠᠯ ᠨᠢ ᠨᠢᠭᠡᠨᠲᠡ ᠣᠳᠣᠬᠠᠨ ᠤ ᠴᠢᠬᠤᠯᠠ ᠶᠡᠭᠡ ᠣᠷᠴᠢᠨ ᠲᠣᠭᠤᠷᠢᠨ ᠤ ᠠᠰᠠᠭᠤᠳᠠᠯ ᠤᠨ ᠨᠢᠭᠡ ᠪᠣᠯᠤᠭᠰᠠᠨ ᠪᠠᠶᠢᠨ᠎ᠠ᠃    ᠬᠤᠭ ᠨᠣᠪᠰᠢ ᠶᠢ ᠲᠦᠷᠦᠯ ᠬᠤᠪᠢᠶᠠᠬᠤ ᠲᠦᠷᠢᠮ ᠢ ᠬᠡᠷᠡᠭᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠤᠶᠢᠯᠠᠭᠠᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠵᠠᠩᠭᠢᠯᠠᠭ᠎ᠠ ᠶᠢᠨ ᠶᠠᠪᠤᠳᠠᠯ᠂ ᠨᠡᠶᠢᠭᠡᠮ ᠤᠨ ᠪᠣᠯᠪᠠᠰᠤᠨ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ᠃    ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠬᠤᠭ ᠨᠣᠪᠰᠢ ᠶᠢ ᠲᠦᠷᠦᠯ ᠬᠤᠪᠢᠶᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠵᠢᠭᠠᠨ ᠭᠠᠷᠭᠠᠵᠤ᠂ ᠪᠣᠳᠠᠲᠠᠢ ᠱᠠᠭᠠᠷᠳᠠᠯᠭ᠎ᠠ ᠶᠢ ᠲᠣᠳᠣᠷᠬᠠᠢ ᠳᠤᠷᠠᠳᠪᠠ᠂ ᠲᠡᠷᠡ᠄ ︽ᠬᠤᠭ ᠨᠣᠪᠰᠢ ᠶᠢ ᠲᠦᠷᠦᠯ ᠬᠤᠪᠢᠶᠠᠬᠤ ᠶᠢ ᠬᠡᠷᠡᠭᠵᠢᠭᠦᠯᠬᠦ ᠨᠢ ᠥᠷᠭᠡᠨ ᠤᠯᠠᠨ ᠠᠷᠠᠳ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠲᠠᠢ ᠬᠤᠯᠪᠣᠭᠳᠠᠵᠤ᠂ ᠡᠬᠢ ᠪᠠᠶᠠᠯᠢᠭ ᠢ ᠠᠷᠪᠢᠯᠠᠨ ᠬᠡᠷᠡᠭᠯᠡᠬᠦ ᠲᠠᠢ ᠬᠤᠯᠪᠣᠭᠳᠠᠵᠤ᠂ ᠪᠠᠰᠠ ᠴᠤ ᠨᠡᠶᠢᠭᠡᠮ ᠤᠨ ᠪᠣᠯᠪᠠᠰᠤᠨ ᠤ ᠲᠦᠪᠰᠢᠨ ᠤ ᠴᠢᠬᠤᠯᠠ ᠢᠯᠡᠷᠡᠯ ᠪᠣᠯᠤᠨ᠎ᠠ︾ ᠭᠡᠵᠦ ᠴᠢᠬᠤᠯᠠᠴᠢᠯᠠᠪᠠ᠃ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠳᠤ᠂ ᠪᠣᠬᠢᠷᠲᠤᠯ ᠥᠬᠡᠶ ᠬᠥᠭᠵᠢᠯᠲᠡ ᠶᠢ ᠳᠥᠯᠭᠢᠨ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠵᠠᠶ᠃     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2019 ᠣᠨ ᠤ 6 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠠᠶᠢᠮᠠᠭ ᠬᠤᠲᠠ ᠶᠢᠨ ᠪᠠᠶᠢᠭ᠎ᠠ ᠭᠠᠵᠠᠷ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ 2021 ᠣᠨ ᠤ ᠡᠬᠢᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠳᠦᠷᠢᠮ︾ ᠢ ᠲᠣᠭᠲᠠᠭᠠᠬᠤ ᠶᠢ ᠤᠨ ᠤ ᠬᠠᠤᠯᠢ ᠲᠤᠭᠳᠠᠭᠠᠬᠤ ᠠᠵᠢᠯ ᠤᠨ ᠭᠤᠤᠯᠳᠠᠯᠭ᠎ᠠ ᠪᠤᠯᠭᠠᠭᠰᠠᠨ ᠪᠠᠶᠢᠨ᠎ᠠ᠃    ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠴᠢᠭᠯᠡᠭᠦᠯᠬᠦ ᠴᠢᠨᠠᠷᠲᠠᠶ ᠪᠠᠷ ᠵᠢᠷᠤᠮᠵᠢᠭᠤᠯᠤᠨ ᠲᠣᠳᠣᠷᠬᠠᠶᠢᠯᠠᠵᠤ᠂ ᠠᠮᠢ ᠠᠬᠤᠶ ᠶᠢ ᠡᠩ ᠲᠡᠷᠢᠭᠦᠨ ᠳᠤ ᠪᠣᠬᠢᠷᠲᠤᠯ ᠥᠬᠡᠶ ᠬᠥᠭᠵᠢᠭᠦᠯᠬᠦ᠂ ᠬᠠᠤᠯᠢ ᠲᠣᠭᠲᠠᠭᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠬᠠᠷᠢᠯᠴᠠᠨ ᠤᠶᠠᠯᠳᠤᠭᠤᠯᠬᠤ ᠵᠡᠷᠭᠡ ᠵᠠᠷᠴᠢᠮ ᠢ ᠴᠢᠷᠮᠠᠶᠢᠨ ᠢᠯᠡᠷᠡᠭᠦᠯᠵᠦ᠂ ᠮᠠᠨ ᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢ ᠬᠠᠤᠯᠢᠵᠢᠭᠤᠯᠬᠤ᠂ ᠵᠢᠷᠤᠮᠵᠢᠭᠤᠯᠬᠤ᠂ ᠪᠠᠶᠢᠩᠭᠤᠵᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠤᠯᠤᠨ᠎ᠠ᠃   ᠳᠦᠷᠢᠮ ᠤᠨ ᠭᠤᠣᠯ ᠪᠣᠯᠬᠤ ᠭᠢᠯᠠᠰ ᠴᠢᠭ ᠤᠨ ᠠᠭᠤᠯᠭ᠎ᠠ     ᠲᠤᠰ ᠳᠦᠷᠢᠮ ᠳᠤ ᠨᠡᠶᠢᠲᠡ ᠨᠠᠢᠮᠠᠨ ᠪᠦᠯᠦᠭ ᠲᠠᠪᠢᠨ ᠬᠤᠶᠠᠷ ᠵᠦᠢᠯ ᠪᠤᠶ᠃ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ᠂ ᠨᠢᠭᠡᠴᠡ᠂ ᠠᠵᠤ ᠠᠬᠤᠶᠢᠯᠠᠯ᠂ ᠵᠣᠬᠢᠶᠠᠨ ᠪᠠᠶᠢᠭᠤᠯᠤᠯᠲᠠ᠂ ᠠᠷᠠᠳ ᠢᠷᠭᠡᠨ ᠵᠡᠷᠭᠡ ᠡᠯ᠎ᠡ ᠲᠥᠷᠥᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠦᠭᠦᠭᠡᠷᠦᠮᠵᠢ ᠶᠢᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠪᠥᠬᠦ ᠶᠠᠪᠤᠴᠠ ᠶᠢᠨ ᠰᠢᠰᠲ᠋ᠧᠮᠵᠢ ᠶᠢ ᠪᠠᠶᠢᠭᠤᠯᠵᠤ᠂ ᠣᠷᠣᠨ ᠨᠤᠲᠤᠭ ᠤᠨ ᠣᠨᠴᠠᠯᠢᠭ ᠢ ᠢᠯᠡᠷᠡᠭᠦᠯᠵᠦ᠂ ᠨᠡᠯᠢᠶᠡᠳ ᠴᠢᠩᠭ᠎ᠠ ᠴᠢᠭᠯᠡᠭᠦᠯᠦᠯᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠨ᠎ᠠ᠃    ︵ᠨᠢᠭᠡ︶ ᠦᠨᠳᠦᠰᠦᠨ ᠵᠠᠷᠴᠢᠮ ᠪᠠ ᠬᠠᠮᠢᠶᠠᠷᠤᠯᠲᠠ ᠶᠢᠨ ᠪᠠᠶᠢᠭᠤᠯᠤᠯ ᠤᠨ ᠲᠤᠬᠠᠶ    ᠨᠢᠭᠡ ᠳᠤ᠂ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠳᠤ ᠵᠠᠰᠠᠭ ᠤᠨ ᠣᠷᠳᠣᠨ ᠠᠴᠠ ᠠᠬᠢᠭᠤᠯᠬᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ᠂ ᠲᠥᠬᠦᠮ ᠪᠥᠭᠡᠳ ᠬᠡᠷᠡᠭᠵᠢᠭᠦᠯᠬᠦ ᠳᠤ ᠬᠢᠯᠪᠠᠷ ᠪᠠᠶᠢᠬᠤ ᠵᠠᠷᠴᠢᠮ ᠢ ᠵᠢᠷᠤᠮᠯᠠᠵᠤ᠂ ᠪᠥᠬᠦ ᠶᠠᠪᠤᠴᠠ ᠶᠢᠨ ᠲᠥᠷᠥᠯ ᠬᠤᠪᠢᠶᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠵᠢᠭᠦᠯᠬᠦ ᠶᠢ ᠠᠬᠢᠭᠤᠯᠤᠨ᠎ᠠ᠃    ᠬᠤᠶᠠᠷ ᠲᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠠᠴᠠ ᠡᠭᠦᠰᠴᠦ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ︽ᠨᠢᠭᠡ ᠯᠡ ᠠᠳᠠᠯᠢ ᠪᠠᠷ ᠱᠠᠭᠠᠷᠳᠠᠬᠤ︾ ᠥᠬᠡᠶ᠃    ᠭᠤᠷᠪᠠ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠤᠳᠤᠷᠢᠳᠤᠯᠭ᠎ᠠ ᠪᠠᠨ ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠬᠠᠷᠠᠯᠲᠠ ᠪᠠᠨ ᠲᠣᠭᠲᠠᠭᠠᠵᠤ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠲᠥᠯᠬᠢᠨ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠤᠷᠤᠭᠤᠯᠤᠨ᠎ᠠ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠣᠰ ᠬᠠᠷᠢᠶ᠎ᠠ ᠣᠷᠣᠨ ᠤ ᠪᠠᠨ ᠠᠮᠢᠳᠤᠷᠠᠯ ᠤᠨ ᠬᠤᠭ ᠨᠣᠪᠰᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠳᠤ ᠬᠠᠷᠢᠭᠤᠴᠠᠨ᠎ᠠ᠃    ᠲᠦᠷᠪᠡ ᠳᠤ᠂ ᠠᠮᠢᠳᠤᠷᠠᠯ ᠤᠨ ᠬᠤᠭ ᠨᠣᠪᠰᠢ ᠭᠠᠷᠭᠠᠳᠠᠭ ᠨᠢᠭᠡᠴᠢ᠂ ᠭᠡᠷ ᠪᠦᠯᠢ ᠪᠠ ᠬᠤᠪᠢ ᠬᠥᠮᠦᠨ ᠤ ᠭᠦᠢᠴᠡᠳᠬᠡᠬᠦ ᠶᠣᠰᠣᠲᠠᠶ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠪᠠ ᠲᠦᠷᠦᠯ ᠬᠤᠪᠢᠶᠠᠨ ᠲᠠᠯᠪᠢᠬᠤ ᠡᠭᠦᠷᠭᠡ ᠶᠢ ᠲᠣᠳᠣᠷᠬᠠᠶᠢᠯᠠᠵᠤ᠂ ᠠᠮᠢᠳᠤᠷᠠᠯ ᠤᠨ ᠬᠤᠭ ᠨᠣᠪᠰᠢ ᠭᠠᠷᠭᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠳᠣᠪᠤᠶᠢᠯᠭᠠᠵᠤ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠣᠨᠢᠨ ᠮᠡᠳᠡᠭᠡᠨ ᠤ ᠵᠠᠭᠤᠴᠢᠯᠠᠭᠤᠷ᠂ ᠰᠠᠶᠢᠨ ᠳᠤᠷ᠎ᠠ ᠶᠢᠨ ᠠᠵᠢᠯᠯᠠᠭᠴᠢ ᠶᠢᠨ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠤᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠯᠠᠨ ᠲᠦᠮᠡᠨ ᠤ ᠨᠡᠶᠢᠳᠡᠮ ᠣᠷᠣᠯᠴᠠᠬᠤ ᠶᠢ ᠬᠥᠲᠥᠯᠥᠨ ᠵᠢᠯᠣᠭᠤᠳᠴᠤ᠂ ᠦᠨᠡᠨ ᠬᠦ ᠨᠢᠯᠬ᠎ᠠ ᠬᠡᠦᠬᠡᠳ ᠠᠴᠠ ᠡᠬᠢᠯᠡᠵᠦ ᠠᠳᠬᠤᠨ᠎ᠠ᠃    ︵ᠬᠤᠶᠠᠷ︶ ᠲᠥᠯᠥᠪᠵᠢᠭᠦᠯᠭᠡ ᠪᠠ ᠪᠦᠳᠦᠭᠡᠨ ᠪᠠᠶᠢᠭᠤᠯᠤᠯᠲᠠ ᠶᠢᠨ ᠲᠤᠬᠠᠶ     ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠳᠣᠪᠤᠶᠢᠯᠭᠠᠵᠤ᠂ ᠬᠤᠯᠪᠣᠭᠳᠠᠯ ᠪᠥᠬᠦᠶ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠳᠥᠯᠭᠢᠨ ᠠᠬᠢᠭᠤᠯᠬᠤ ᠪᠣᠯ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠪᠥᠬᠦ ᠶᠠᠪᠤᠴᠠ ᠶᠢᠨ ᠬᠠᠮᠢᠶᠠᠷᠤᠯᠲᠠ ᠶᠢᠨ ᠴᠢᠬᠤᠯᠠ ᠰᠠᠭᠤᠷᠢ ᠪᠣᠯᠤᠨ᠎ᠠ᠃ ᠡᠭᠦᠨ ᠤ ᠲᠤᠯᠠᠳᠠ᠂ ᠲᠦᠷᠢᠮ ᠳᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠢᠷᠤᠮ᠂ ᠠᠭᠤᠯᠭ᠎ᠠ ᠵᠢᠴᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠣᠭᠲᠠᠭᠠᠬᠤ ᠳᠤ ᠲᠣᠳᠣᠷᠬᠠᠶ ᠲᠣᠭᠲᠠᠭᠠᠯ ᠭᠠᠷᠭᠠᠵᠠᠶ᠃ ᠡᠭᠦᠨ ᠤ ᠬᠠᠮᠲᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ ᠲᠥᠷᠥᠯ ᠬᠤᠪᠢᠶᠠᠨ ᠣᠷᠣᠭᠤᠯᠬᠤ᠂ ᠲᠥᠷᠥᠯ ᠬᠤᠪᠢᠶᠠᠨ ᠴᠤᠭᠯᠠᠭᠤᠯᠬᠤ ᠲᠦᠭᠦᠭᠡᠷᠦᠮᠵᠢ ᠶᠢ ᠲᠣᠭᠲᠠᠭᠠᠵᠤ᠂ ᠭᠤᠤᠯ ᠴᠣᠭᠴᠠᠲᠤ ᠪᠠᠷᠢᠯᠭ᠎ᠠ ᠲᠠᠢ ᠵᠡᠷᠭᠡ ᠪᠠᠷ ᠵᠢᠷᠤᠭᠯᠠᠨ ᠲᠥᠯᠥᠪᠯᠡᠵᠦ᠂ ᠵᠡᠷᠭᠡ ᠪᠠᠷ ᠪᠥᠲᠥᠭᠡᠨ ᠪᠠᠶᠢᠭᠤᠯᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠶᠢ ᠱᠠᠭᠠᠷᠳᠠᠪᠠ᠃     ︵ᠭᠤᠷᠪᠠ︶ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠲᠤᠬᠠᠶ     ᠳᠦᠷᠢᠮ ᠳᠤ ᠬᠠᠨᠳᠤᠯᠭᠠᠲᠤ ᠴᠢᠨᠠᠷᠲᠠᠶ ᠲᠣᠭᠲᠠᠭᠠᠯ ᠭᠠᠷᠭᠠᠪᠠ᠂ ᠡᠭᠦᠨ ᠳᠤ ᠭᠤᠣᠯᠳᠠᠭᠤ᠄ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠬᠡᠷᠡᠭᠵᠢᠭᠦᠯᠵᠦ᠂ ᠪᠣᠬᠢᠷᠲᠤᠯ ᠦᠭᠡᠶ ᠪᠣᠭᠤᠳᠠᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠂ ᠲᠦᠷᠭᠡᠨ ᠬᠦᠷᠭᠡᠯᠲᠡ ᠪᠣᠯᠤᠨ ᠵᠠᠬᠢᠶᠠᠯᠠᠭ᠎ᠠ ᠶᠢᠨ ᠬᠤᠭᠤᠯᠠᠨ ᠤ ᠠᠵᠢᠯ ᠲᠥᠷᠥᠯ ᠤᠨ ᠡᠵᠡᠩᠨᠡᠭᠴᠢᠳ ᠲᠤ ᠪᠣᠬᠢᠷᠲᠤᠯ ᠦᠭᠡᠶ ᠪᠣᠭᠤᠳᠠᠯ ᠪᠣᠯᠤᠨ ᠬᠡᠮᠵᠢᠶ᠎ᠡ ᠶᠢ ᠨᠢ ᠪᠠᠭᠠᠰᠬᠠᠵᠤ ᠪᠣᠭᠤᠳᠠᠯᠯᠠᠬᠤ ᠶᠢ ᠤᠷᠢᠳ ᠢᠶᠠᠷ ᠬᠡᠷᠡᠭᠯᠡᠬᠦ ᠬᠡᠷᠡᠭᠲᠡᠶ ᠭᠡᠵᠦ ᠱᠠᠭᠠᠷᠳᠠᠵᠤ᠂ ᠬᠡᠰᠡᠭ ᠰᠦᠯᠢᠶᠣᠣ ᠪᠦᠲᠦᠭᠡᠭᠳᠡᠬᠦᠨ ᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠴᠠᠭᠠᠵᠠᠯᠠᠵᠤ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠣᠶᠤᠨᠴᠢ ᠪᠠᠷ ᠬᠡᠷᠡᠭᠯᠡᠬᠦ᠂ ᠵᠣᠬᠢᠬᠤ ᠬᠡᠮᠵᠢᠶ᠎ᠡ ᠪᠠᠷ ᠬᠤᠭᠤᠯᠠ ᠵᠠᠬᠢᠶᠠᠯᠠᠬᠤ᠂ ᠬᠤᠭᠤᠯᠠᠨ ᠤ ᠳᠠᠷᠠᠭ᠎ᠠ ᠪᠣᠭᠤᠳᠠᠯᠯᠠᠬᠤ᠂ ᠢᠳᠡᠬᠦ ᠶᠢᠨ ᠬᠢᠷᠢ ᠪᠠᠷ ᠬᠤᠭᠤᠯᠠᠨ ᠵᠠᠬᠢᠶᠠᠯᠠᠵᠦ᠂ ᠬᠤᠭᠤᠯᠠ ᠤᠮᠳᠠᠭᠠᠨ ᠤ ᠦᠢᠯᠡᠴᠢᠯᠡᠭᠡᠨ ᠤ ᠲᠠᠯᠠᠪᠤᠷ ᠲᠤ ᠰᠠᠨᠠᠭᠠᠴᠢᠯᠠᠭ᠎ᠠ ᠠᠴᠠ ᠪᠠᠨ ᠪᠤᠶᠤ ᠦᠨ᠎ᠡ ᠲᠥᠯᠥᠪᠦᠷᠢ ᠦᠭᠡᠢ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠬᠤᠭᠤᠯᠠᠨ ᠤ ᠰᠠᠪᠠ ᠬᠡᠷᠡᠭᠰᠡᠯ ᠢ ᠬᠠᠩᠭᠠᠵᠤ ᠪᠣᠯᠬᠤ ᠦᠭᠡᠢ᠂ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ ᠠᠷᠪᠢᠯᠠᠨ ᠭᠠᠮᠨᠠᠬᠤ᠂ ᠢᠳᠡᠭᠡᠨ ᠤᠮᠳᠠᠭᠠᠨ ᠢ ᠪᠣᠯᠪᠠᠰᠤᠨ ᠢᠶᠠᠷ ᠬᠤᠳᠠᠯᠳᠤᠨ ᠠᠪᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠨᠢᠭᠡ ᠯᠡ ᠤᠳᠠᠭ᠎ᠠ ᠶᠢᠨ ᠴᠢᠨᠠᠷᠲᠠᠶ ᠬᠡᠷᠡᠭᠯᠡᠭᠡᠨ ᠤ ᠵᠦᠢᠯ ᠤᠨ ᠬᠠᠷᠢᠴᠠᠯ ᠢ ᠠᠯᠬᠤᠮ ᠠᠯᠬᠤᠮ ᠢᠶᠠᠷ ᠪᠠᠭᠤᠷᠠᠭᠤᠯᠬᠤ ᠵᠡᠷᠭᠡ ᠪᠣᠯᠤᠨ᠎ᠠ᠃    ︵ᠲᠥᠷᠪᠡ︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠲᠤᠬᠠᠶ     ᠨᠢᠭᠡ ᠳᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠪᠣᠯᠬᠤ ᠪᠣᠳᠠᠰ᠂ ᠲᠣᠭᠤᠭᠠᠨ ᠬᠡᠷ ᠤᠨ ᠬᠤᠭ ᠨᠣᠪᠰᠢ᠂ ᠬᠥᠨᠥᠭᠡᠯᠲᠡᠶ ᠬᠤᠭ ᠨᠣᠪᠰᠢ᠂ ᠪᠤᠰᠤᠳ ᠬᠤᠭ ᠨᠣᠪᠰᠢ ᠭᠡᠵᠦ ᠳᠥᠷᠪᠡᠨ ᠲᠥᠷᠥᠯ ᠳᠤ ᠬᠤᠪᠢᠶᠠᠨ᠎ᠠ ᠃ ᠡᠭᠦᠨ ᠤ ᠬᠠᠮᠲᠤ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠭᠠᠵᠠᠷ ᠣᠷᠣᠨ᠂ ᠲᠠᠯᠠᠪᠤᠷ ᠭᠠᠵᠠᠷ᠂ ᠨᠢᠭᠡᠴᠡ ᠬᠤᠪᠢᠶᠠᠭᠰᠠᠨ ᠠᠮᠢᠳᠤᠷᠠᠯ ᠤᠨ ᠬᠤᠭ ᠨᠣᠪᠰᠢ ᠶᠢᠨ ᠪᠣᠳᠠᠲᠠᠶ ᠲᠥᠷᠥᠯ ᠬᠤᠪᠢᠶᠠᠭᠰᠠᠨ ᠭᠠᠷᠴᠠᠭ ᠪᠠ ᠢᠵᠢ ᠪᠥᠷᠢᠳᠦᠭᠦᠯᠦᠭᠰᠡᠨ ᠲᠠᠯᠪᠢᠬᠤ ᠵᠢᠷᠤᠮᠵᠢᠯ ᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠨᠢᠭᠡᠴᠡ ᠪᠠ ᠬᠤᠪᠢ ᠬᠥᠮᠦᠨ ᠢ ᠵᠢᠯᠣᠭᠤᠳᠤᠨ ᠠᠮᠢᠳᠤᠷᠠᠯ ᠤᠨ ᠬᠤᠭ ᠨᠣᠪᠰᠢ ᠶᠢ ᠣᠨᠣᠪᠴᠢᠲᠠᠶ ᠲᠥᠷᠥᠯ ᠬᠤᠪᠢᠶᠠᠨ ᠲᠠᠯᠪᠢᠬᠤ ᠬᠡᠷᠡᠭᠲᠡᠶ︔    ᠬᠤᠶᠠᠷ ᠲᠤ᠂ ᠬᠠᠮᠵᠢᠯᠴᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠳᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠲᠦᠷᠢᠮ ᠢ ᠬᠡᠷᠡᠭᠵᠢᠭᠦᠯᠵᠦ᠂ ᠪᠠᠶᠢᠭᠤᠯᠤᠯᠭ᠎ᠠ᠂ ᠠᠵᠤ ᠠᠬᠤᠶᠢᠯᠠᠯ᠂ ᠠᠳᠠᠯ ᠠᠬᠤᠶ ᠵᠡᠷᠭᠡ ᠡᠯ᠎ᠡ ᠲᠠᠯ᠎ᠠ ᠶᠢᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠭᠦᠢᠴᠡᠳᠭᠡᠬᠦ ᠬᠡᠷᠡᠭᠲᠡᠶ ᠵᠢᠷᠭᠤᠭᠠᠨ ᠲᠥᠷᠥᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔    ᠭᠤᠷᠪᠠ ᠳᠤ᠂ ᠣᠷᠣᠨ ᠰᠠᠭᠤᠴᠠ ᠶᠢᠨ ᠵᠢᠵᠢᠭ ᠲᠣᠭᠤᠷᠢᠭ᠂ ᠬᠥᠳᠡᠭᠡ ᠲᠣᠰᠬᠤᠨ᠂ ᠬᠤᠯᠪᠣᠭᠳᠠᠯ ᠪᠦᠬᠦᠢ ᠲᠠᠯᠠᠪᠤᠷ ᠭᠠᠵᠠᠷ ᠲᠤ ᠲᠣᠭᠲᠠᠭᠠᠯ ᠶᠣᠰᠣᠭᠠᠷ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠵᠣᠬᠢᠴᠠᠩᠭᠤᠶ ᠰᠠᠪᠠ ᠶᠢ ᠲᠤᠰ ᠲᠤᠰ ᠲᠣᠬᠢᠷᠠᠭᠤᠯᠬᠤ ᠬᠡᠷᠡᠭᠲᠡᠶ᠃    ︵ᠲᠠᠪᠤ︶ ᠲᠦᠷᠦᠯ ᠬᠤᠪᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠲᠤᠬᠠᠶ    ᠲᠦᠷᠢᠮ ᠳᠤ ᠲᠣᠳᠣᠷᠬᠠᠶ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠳᠠᠭᠠᠭᠠᠴᠢᠯᠠᠯᠲᠠ ᠵᠠᠷᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠥᠬᠦᠴᠡᠯ ᠪᠥᠷᠢᠳᠦᠭᠰᠡᠨ ᠨᠢᠭᠡᠴᠡ ᠶᠢ ᠰᠣᠩᠭᠤᠵᠤ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠠᠵᠢᠯ ᠢ ᠬᠢᠯᠭᠡᠵᠦ ᠪᠣᠯᠤᠨ᠎ᠠ᠃ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠨᠢᠭᠡᠴᠡ ᠶᠢᠨ ᠵᠢᠷᠤᠮᠯᠠᠬᠤ ᠶᠣᠰᠣᠲᠠᠶ ᠲᠣᠭᠲᠠᠭᠠᠯ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠠᠷᠢᠮᠵᠢᠶ᠎ᠠ ᠶᠢ ᠪᠣᠳᠠᠲᠠᠶ ᠪᠠᠷ ᠲᠣᠳᠣᠷᠬᠠᠶᠢᠯᠠᠪᠠ᠃ ᠡᠭᠦᠨ ᠤ ᠬᠠᠮᠲᠤ ᠪᠠᠰᠠ ᠠᠮᠢᠳᠤᠷᠠᠯ ᠤᠨ ᠬᠤᠭ ᠨᠣᠪᠰᠢ ᠶᠢᠨ ᠳᠣᠲᠣᠷᠠᠬᠢ ᠲᠥᠷᠥᠯ ᠬᠤᠪᠢᠶᠠᠭᠰᠠᠨ ᠪᠥᠭᠡᠳ ᠲᠥᠪᠯᠡᠷᠡᠭᠦᠯᠦᠨ ᠴᠤᠭᠯᠠᠭᠤᠯᠤᠭᠰᠠᠨ ᠬᠥᠨᠥᠭᠡᠯᠲᠡᠶ ᠬᠤᠭ ᠨᠣᠪᠰᠢ ᠶᠢ ᠰᠢᠢᠳᠪᠦᠷᠢᠯᠡᠬᠦ ᠠᠷᠭ᠎ᠠ ᠮᠠᠶ᠋ᠢᠭ ᠢ ᠲᠣᠳᠣᠷᠬᠠᠶ ᠲᠣᠭᠲᠠᠭᠠᠭᠰᠠᠨ ᠪᠠᠶᠢᠨ᠎ᠠ᠃ ᠲᠦᠷᠢᠮ ᠳᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠲᠤᠬᠠᠶ ᠶᠢᠨ ᠭᠠᠵᠠᠷ ᠤᠨ ᠣᠨᠴᠠᠯᠢᠭ ᠢ ᠦᠨᠳᠦᠰᠦᠯᠡᠨ᠂ ᠲᠥᠷᠥᠯ ᠬᠤᠪᠢᠶᠠᠬᠤ ᠠᠷᠭ᠎ᠠ ᠶᠢ ᠵᠦᠶ ᠵᠣᠬᠢᠰᠲᠠᠶ ᠲᠣᠭᠲᠠᠭᠠᠵᠤ᠂ ᠮᠠᠯᠴᠢᠨ ᠲᠠᠷᠢᠶᠠᠴᠢᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠵᠤ᠂ ᠲᠥᠷᠥᠯ ᠬᠤᠪᠢᠶᠠᠨ ᠴᠤᠭᠯᠠᠭᠤᠯᠬᠤ᠂ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠳᠤ ᠡᠳ᠋ ᠤᠨ ᠵᠠᠰᠠᠭ ᠤᠨ ᠨᠥᠬᠦᠪᠥᠷᠢ ᠪᠠ ᠳᠡᠮᠵᠢᠯᠭᠡ ᠦᠵᠡᠭᠦᠯᠬᠦ ᠬᠡᠷᠡᠭᠲᠡᠶ ᠭᠡᠳᠡᠭ ᠢ ᠲᠣᠳᠣᠷᠬᠠᠶ ᠵᠢᠭᠠᠵᠤ ᠭᠠᠷᠭᠠᠪᠠ᠃    ︵ᠵᠢᠷᠭᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠶ    ᠳᠦᠷᠢᠮ ᠳᠤ ᠲᠣᠭᠲᠠᠭᠠᠭᠰᠠᠨ ᠢᠶᠠᠷ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠢᠯᠡᠭᠦᠦ ᠭᠠᠳᠠᠭᠰᠢᠯᠠᠭᠤᠯᠤᠭᠰᠠᠨ ᠢᠶᠠᠷ ᠢᠯᠡᠭᠦᠦ ᠵᠠᠷᠤᠳᠠᠯ ᠲᠤᠰᠢᠶᠠᠵᠤ᠂ ᠪᠠᠭ᠎ᠠ ᠭᠠᠳᠠᠭᠰᠢᠯᠠᠭᠤᠯᠤᠭᠰᠠᠨ ᠢᠶᠠᠷ ᠳᠤᠲᠠᠭᠤ ᠵᠠᠷᠤᠳᠠᠯ ᠲᠤᠰᠢᠶᠠᠵᠤ᠂ ᠬᠤᠯᠢᠮᠠᠭ ᠬᠤᠭ ᠨᠣᠪᠰᠢ ᠳᠤ ᠢᠯᠡᠭᠦᠤ ᠵᠠᠷᠤᠳᠠᠯ ᠲᠤᠰᠢᠶᠠᠬᠤ᠂ ᠲᠥᠷᠥᠯ ᠬᠤᠪᠢᠶᠠᠭᠰᠠᠨ ᠬᠤᠭ ᠨᠣᠪᠰᠢ ᠳᠤ ᠳᠤᠲᠠᠭᠤ ᠵᠠᠷᠤᠳᠠᠯ ᠲᠤᠰᠢᠶᠠᠬᠤ ᠵᠠᠷᠴᠢᠮ᠂ ᠬᠡᠮᠵᠢᠯᠲᠡ ᠪᠠᠷ ᠵᠠᠷᠤᠳᠠᠯ ᠬᠤᠷᠢᠶᠠᠬᠤ᠂ ᠲᠥᠷᠥᠯ ᠬᠤᠪᠢᠶᠠᠨ ᠦᠨ᠎ᠡ ᠪᠤᠳᠤᠬᠤ᠂ ᠬᠤᠷᠢᠶᠠᠨ ᠲᠤᠰᠢᠶᠠᠬᠤ ᠳᠤ ᠲᠥᠬᠦᠮ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠳᠤ ᠵᠠᠷᠤᠳᠠᠯ ᠬᠤᠷᠢᠶᠠᠬᠤ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠪᠣᠶ ᠪᠣᠯᠭᠠᠭᠰᠠᠨ ᠨᠢᠭᠡᠴᠡ ᠪᠠ ᠬᠤᠪᠢ ᠬᠥᠮᠦᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠠᠷᠤᠳᠠᠯ ᠲᠤᠰᠢᠶᠠᠬᠤ ᠬᠡᠷᠡᠭᠲᠡᠶ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠠᠷᠤᠳᠠᠯ ᠢ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠵᠡᠷᠭᠡ ᠳᠤ ᠲᠤᠰᠬᠠᠶ ᠬᠡᠷᠡᠭᠯᠡᠬᠦ ᠬᠡᠷᠡᠭᠲᠡᠶ᠂ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠥᠬᠡᠶ᠃ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠵᠤ᠂ ᠠᠮᠢᠳᠤᠷᠠᠯ ᠤᠨ ᠬᠤᠭ ᠨᠣᠪᠰᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠭᠰᠠᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠲᠦᠪᠰᠢᠨ ᠢ ᠲᠡᠭᠡᠭᠰᠢᠯᠡᠭᠦᠯᠵᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠤᠨ᠎ᠠ᠃ ᠨᠡᠶᠢᠭᠡᠮ ᠤᠨ ᠬᠥᠷᠥᠩᠭᠡ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢᠨ ᠪᠥᠳᠥᠭᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠳᠤ ᠣᠷᠣᠯᠴᠠᠭᠰᠠᠨ ᠪᠣᠯ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠦᠷᠲᠡᠭᠡᠨ᠎ᠡ᠃    ︵ᠲᠤᠯᠤᠭ᠎ᠠ︶ ᠬᠠᠤᠯᠢ ᠶᠢᠨ ᠬᠠᠷᠢᠭᠤᠴᠠᠯᠭ᠎ᠠ ᠶᠢᠨ ᠲᠤᠬᠠᠶ    ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ᠭᠦᠢᠴᠡᠳ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ ᠲᠦᠷᠢᠮ ᠳᠤ᠂ ᠠᠵᠢᠯᠲᠠᠨ ᠤ ᠠᠮᠢᠳᠤᠷᠠᠯ ᠤᠨ ᠬᠤᠭ ᠨᠣᠪᠰᠢ ᠶᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ ᠵᠢᠴᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠲᠠᠯᠪᠢᠭᠰᠠᠨ ᠥᠬᠡᠶ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠤᠭᠰᠠᠨ᠂ ᠵᠥᠭᠡᠭᠡᠪᠦᠷᠢᠯᠡᠭᠰᠡᠨ᠂ ᠰᠢᠢᠳᠪᠦᠷᠢᠯᠡᠭᠰᠡᠨ ᠥᠬᠡᠶ ᠵᠡᠷᠭᠡ ᠦᠢᠯᠡ ᠠᠵᠢᠯᠯᠠᠭ᠎ᠠ ᠳᠤ ᠵᠣᠬᠢᠴᠠᠩᠭᠤᠶ ᠬᠠᠤᠯᠢ ᠶᠢᠨ ᠬᠠᠷᠢᠭᠤᠴᠠᠯᠭ᠎ᠠ ᠲᠣᠭᠲᠠᠭᠠᠵᠠᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号