ᠠᠵᠢᠯᠲᠠᠨ ᠠᠵᠢᠯᠴᠢᠨ ᠤ ᠳᠠᠩᠰᠠᠨ ᠳᠠᠬᠢ ᠮᠦᠡᠭᠭᠦ ᠪᠠᠨ ᠭᠡᠷ ᠪᠦᠯᠢ ᠶᠢᠨ ᠪᠦᠷᠢᠯᠳᠦᠬᠦᠨ ᠤ ᠪᠠᠨ ᠵᠠᠷᠤᠳᠠᠯ ᠢ ᠥᠭᠬᠦ ᠳᠤ ᠬᠡᠷᠡᠭᠯᠡᠵᠦ ᠪᠣᠯᠤᠨ᠎ᠠ ᠬᠡᠵᠦ ᠲᠤᠳᠤᠷᠬᠠᠢ ᠲᠤᠬᠳᠠᠭᠠᠪᠠ︕
ᠨᠡᠶᠢᠲᠡᠯᠡᠭᠰᠡᠨ ᠴᠠᠭ᠄
2021/12/27
  ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠵᠢᠩᠬᠢᠨᠢ ᠪᠠᠷ ᠨᠡᠶᠢᠲᠡᠯᠡᠪᠡ᠃ ︽ᠵᠢᠯᠣᠭᠤᠳᠬᠤ ᠰᠠᠨᠠᠯ︾ ᠳᠤ᠂ ᠬᠤᠪᠢ ᠬᠥᠮᠦᠨ ᠤ ᠲᠠᠩᠰᠠᠨ ᠳᠠᠬᠢ ᠮᠦᠡᠭᠭᠦ ᠶᠢ ᠭᠤᠤᠯᠳᠠᠭᠤ ᠳᠠᠭᠠᠳᠬᠠᠯ ᠳᠤ ᠣᠷᠣᠯᠴᠠᠭᠰᠠᠳ ᠤᠨ ᠲᠤᠬᠳᠠᠬᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠪᠡᠳᠴᠢᠨ ᠦᠵᠡᠬᠦᠯᠦᠭᠰᠡᠨ ᠪᠤᠶᠤ ᠲᠤᠬᠳᠠᠬᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠤᠬᠰᠠᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠥᠪᠡᠰᠦᠪᠡᠨ ᠳᠥᠯᠥᠬᠦ ᠵᠠᠷᠤᠳᠠᠯ ᠢ ᠲᠦᠯᠦᠬᠦ ᠳᠤ ᠬᠡᠷᠡᠭᠯᠡᠨ᠎ᠡ᠃ ᠳᠠᠭᠠᠳᠬᠠᠯ ᠳᠤ ᠣᠷᠣᠯᠴᠠᠭᠰᠠᠳ ᠨᠢ ᠲᠤᠰ ᠬᠥᠮᠦᠨ ᠵᠢᠴᠢ ᠦᠪᠡᠷ ᠤᠨ ᠨᠦᠬᠦᠷ ᠬᠡᠷᠭᠡᠢ᠂ ᠡᠴᠢᠭᠡ ᠡᠬᠡ᠂ ᠦᠷ᠎ᠡ ᠬᠡᠦᠬᠡᠳ ᠤᠨ ᠢᠶᠠᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠪᠡᠳᠴᠢᠨ ᠦᠵᠡᠭᠦᠯᠦᠭᠰᠡᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠵᠢᠴᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠲᠠᠩ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠨᠡᠯᠭᠡ ᠳᠤ ᠬᠡᠷᠡᠭᠯᠡᠬᠦ ᠮᠠᠲ᠋ᠧᠷᠢᠶᠠᠯ ᠬᠤᠳᠠᠯᠳᠤᠨ ᠠᠪᠤᠭᠰᠠᠨ ᠬᠤᠪᠢ ᠬᠥᠮᠦᠨ ᠤ ᠡᠭᠦᠷᠭᠡᠯᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ ᠤ ᠳᠠᠩᠰᠠᠨ ᠳᠠᠬᠢ ᠮᠦᠡᠭᠭᠦ ᠪᠠᠨ ᠨᠦᠬᠦᠷ ᠬᠡᠷᠭᠡᠢ᠂ ᠡᠴᠢᠭᠡ ᠡᠬᠡ᠂ ᠦᠷ᠎ᠡ ᠬᠡᠦᠬᠡᠳ ᠤᠨ ᠢᠶᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠵᠡᠷᠭᠡ ᠬᠤᠪᠢ ᠬᠥᠮᠦᠨ ᠤ ᠰᠦᠢᠳᠭᠡᠯ ᠲᠤᠰᠢᠶᠠᠬᠤ ᠳᠤ ᠬᠡᠷᠡᠭᠯᠡᠬᠦ ᠶᠢ ᠬᠠᠶᠢᠨ ᠰᠦᠪᠡᠭᠴᠢᠯᠡᠨ᠎ᠡ ᠬᠡᠵᠦ ᠲᠤᠳᠤᠷᠬᠠᠢ ᠲᠤᠬᠳᠠᠭᠠᠪᠠ᠃ ︽ᠵᠢᠯᠣᠭᠤᠳᠬᠤ ᠰᠠᠨᠠᠯ︾ ᠳᠤ᠂ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ 2021 ᠣᠨ ᠤ 1 2 ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠠᠷᠭ᠎ᠠ ᠨᠡᠶᠢᠲᠡᠯᠡᠵᠦ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢ ᠵᠢᠯᠣᠭᠤᠳᠴᠤ ᠪᠠᠶᠢᠭᠠᠳ ᠨᠠᠶᠢᠳᠠᠪᠤᠷᠢᠵᠢᠭᠤᠯᠬᠤ ᠠᠵᠢᠯ ᠢ ᠳᠥᠯᠭᠢᠨ ᠠᠬᠢᠭᠤᠯᠵᠤ᠂ 3 ᠵᠢᠯ ᠣᠷᠴᠢᠮ ᠤᠨ ᠰᠢᠯᠵᠢᠯᠲᠡ ᠶᠢᠨ ᠬᠤᠭᠤᠴᠠᠭ᠎ᠠ ᠭᠠᠷᠭᠠᠵᠤ᠂ ᠥᠭᠡᠷᠡᠴᠢᠯᠡᠯᠲᠡ ᠶᠢᠨ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ ᠬᠡᠵᠦ ᠵᠢᠭᠠᠵᠤ ᠭᠠᠷᠭᠠᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号