ᠬᠤᠰᠢᠭᠤᠨ ᠤ ᠤᠳᠤᠷᠢᠳᠤᠯᠭ᠎ᠠ ᠰᠢᠩ ᠹᠦ᠋ ᠰᠢᠶᠠᠩ ᠳᠤ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2021/12/27
 12 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠶ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠸᠠᠩ ᠵᠢᠤᠢ ᠰᠢ ᠵᠡᠷᠭᠡ ᠬᠦᠮᠦᠰ ᠰᠢᠩ ᠹᠦ᠋ ᠰᠢᠶᠠᠩ ᠳᠤ ᠬᠦᠨᠵᠡᠬᠡᠶᠢᠷᠡᠵᠦ᠂  ᠡᠪᠦᠯ ᠤᠨ ᠤᠯᠠᠷᠢᠯ ᠤᠨ ᠲᠡᠯᠡᠬᠡᠢ ᠶᠢᠨ ᠣᠯᠢᠮᠫᠢᠺ  ᠤᠨ ᠲᠠᠮᠢᠷ ᠤᠨ ᠴᠤᠭᠯᠠᠭᠠᠨ ᠤ ᠪᠠᠶᠢᠴᠠᠭᠠᠯᠳᠠ ᠶᠢᠨ ᠦᠷᠳᠡᠭᠡ  ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠵᠠᠢ᠃  ᠰᠢᠶᠠᠩ ᠤᠨ ᠨᠠᠮ ᠤᠨ ᠬᠤᠷᠢᠶᠠᠨ ᠤ ᠱᠦᠵᠢ ᠰᠥᠩ ᠹᠧᠩ᠂  ᠳᠡᠳ᠋ ᠱᠦᠵᠢ ᠵᠠᠩ ᠪᠥᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠤᠳᠤᠷᠢᠳᠤᠯᠭ᠎ᠠ ᠨᠠᠷ ᠵᠠᠮ ᠬᠠᠷᠢᠯᠴᠠᠭᠠᠨ ᠤ ᠴᠢᠬᠤᠯᠠ ᠱᠤᠭᠤᠮ ᠳᠤ ᠬᠦᠷᠴᠦ᠂ ᠲᠤᠬᠠᠶ ᠶᠢᠨ ᠲᠠᠯᠠᠪᠠᠢ ᠶᠢᠨ ᠪᠣᠳᠠᠲᠤ  ᠪᠠᠶᠢᠳᠠᠯ ᠢ ᠤᠶᠢᠯᠠᠭᠠᠨ᠂ ᠭᠠᠵᠠᠷ ᠤᠨ ᠵᠢᠷᠤᠭ ᠲᠠᠢ ᠬᠠᠷᠢᠴᠠᠭᠤᠯᠵᠤ ᠪᠠᠶᠢᠭᠠᠳ᠂ ᠪᠠᠶᠢᠴᠠᠭᠠᠯᠳᠠ ᠶᠢᠨ ᠦᠷᠳᠡᠭᠡᠨ ᠤ ᠭᠠᠵᠠᠷ ᠢ ᠰᠤᠳᠤᠯᠤᠨ ᠲᠤᠭᠳᠠᠭᠠᠭᠰᠠᠨ ᠪᠠᠶᠢᠨ᠎ᠠ᠃ ᠳ᠋ᠦ᠋ ᠸᠧᠶ ᠴᠢᠬᠤᠯᠠᠴᠢᠯᠠᠬᠤ ᠳᠠᠭᠠᠨ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠤᠯᠠᠮ ᠳᠡᠭᠡᠭᠰᠢᠯᠡᠭᠦᠯᠵᠦ᠂  ᠪᠠᠶᠢᠴᠠᠭᠠᠯᠳᠠ  ᠶᠢᠨ ᠦᠷᠳᠡᠭᠡᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠲᠠᠨᠢᠬᠤ ᠬᠡᠷᠡᠭᠲᠡᠶ᠃ ᠬᠤᠶᠠᠷ ᠲᠤ᠂ ᠡᠭᠦᠷᠭᠡ ᠬᠠᠷᠠᠯᠲᠠ ᠪᠠᠨ ᠤᠯᠠᠮ ᠲᠣᠳᠣᠷᠬᠠᠶᠢᠯᠠᠵᠤ᠂ ᠪᠠᠶᠢᠴᠠᠭᠠᠯᠳᠠ ᠶᠢᠨ ᠭᠠᠷᠭᠠᠬᠤ ᠠᠵᠢᠯ ᠢ ᠪᠣᠳᠠᠲᠠᠢ  ᠮᠦᠷᠳᠡᠭᠡᠨ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ  ᠳᠤ᠂ ᠬᠠᠷᠢᠭᠤᠴᠠᠯᠭ᠎ᠠ ᠶᠢ ᠤᠯᠠᠮ ᠴᠢᠩᠭ᠎ᠠ ᠨᠠᠶᠢᠳᠠᠪᠤᠷᠢᠵᠢᠭᠤᠯᠵᠤ᠂ ᠪᠠᠶᠢᠴᠠᠭᠠᠯᠳᠠ ᠶᠢᠨ ᠦᠷᠳᠡᠭᠡ ᠭᠠᠷᠭᠠᠬᠤ ᠠᠵᠢᠯ  ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ  ᠪᠡᠶᠡᠯᠡᠬᠦᠯᠦᠨ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ 《 ᠤᠨᠠᠭᠤᠯᠢ ᠭᠤᠣᠯ 》 ᠤᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠡᠢ᠃ ᠸᠠᠩ ᠵᠢᠤᠢ ᠰᠢ ᠠᠴᠠ᠂  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂  ᠪᠠᠶᠢᠴᠠᠭᠠᠯᠳᠠ ᠶᠢᠨ  ᠦᠷᠳᠡᠭᠡ ᠭᠠᠷᠭᠠᠬᠤ ᠠᠵᠢᠯ ᠢ ᠦᠨᠡᠨ ᠬᠦ ᠰᠠᠶᠢᠨ ᠬᠢᠵᠦ᠂  ᠪᠠᠶᠢᠴᠠᠭᠠᠯᠳᠠ ᠶᠢᠨ  ᠦᠷᠳᠡᠭᠡᠨ ᠤ  ᠴᠢᠩᠭ᠎ᠠ ᠪᠠᠶᠢᠴᠠᠭᠠᠯᠳᠠ ᠴᠢᠩᠭ᠎ᠠ ᠰᠡᠷᠭᠡᠶᠢᠯᠡᠯᠳᠡ ᠶᠢ ᠪᠡᠶᠡᠯᠡᠬᠦᠯᠬᠦ ᠭᠡᠷᠡᠭᠳᠡᠢ᠃ ᠬᠠᠷᠢᠶ᠎ᠠ ᠣᠷᠣᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠨ᠂ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠵᠤ᠂ ᠡᠪᠦᠯ ᠤᠨ ᠤᠯᠠᠷᠢᠯ ᠤᠨ ᠣᠯᠢᠮᠫᠢᠺ ᠤᠨ ᠴᠤᠭᠯᠠᠭᠠᠨ ᠤ ᠠᠮᠤᠷ ᠢ ᠬᠠᠮᠠᠭᠠᠯᠠᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠪᠠ᠃ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号