ᠬᠤᠩ ᠴᠢ  ᠪᠠᠯᠭᠠᠰᠤᠨ ᠤ ᠬᠢᠨ ᠰᠢᠩ ᠹᠦ᠋ ᠰᠢᠶᠠᠩ ᠳᠤ ᠬᠦᠷᠴᠦ ᠲᠣᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2021/12/30
 12 ᠰᠠᠷ᠎ᠠ ᠶᠢᠨ 28 ᠤ ᠡᠳᠦᠷ᠂  ᠬᠤᠩ ᠴᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠠᠩ ᠱᠸᠤ ᠴᠢᠶᠠᠩ  ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠶᠢᠨ ᠬᠡᠰᠢᠬᠦᠳ᠂ ᠲᠣᠰᠬᠤᠨ ᠤ ᠬᠤᠶᠠᠷ ᠵᠥᠪᠯᠡᠯ ᠤᠨ ᠺᠠᠳ᠋ᠷ ᠨᠠᠷ ᠢ ᠲᠠᠭᠠᠭᠤᠯᠤᠨ ᠰᠢᠩ ᠹᠦ᠋ ᠰᠢᠶᠠᠩ ᠳᠤ ᠬᠦᠷᠴᠦ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠵᠢᠱᠢᠶ᠎ᠡ ᠦᠵᠡᠭᠦᠯᠬᠦ ᠲᠣᠰᠬᠤᠨ ᠤ ᠲᠡᠷᠢᠭᠦᠨ ᠤ ᠠᠷᠭ᠎ᠠ ᠲᠤᠷᠰᠢᠯᠭ᠎ᠠ ᠶᠢ ᠲᠣᠭᠤᠷᠢᠨ   ᠰᠤᠷᠤᠯᠴᠠᠪᠠ᠃  ᠲᠤᠭᠤᠷᠢᠨ ᠰᠤᠷᠤᠯᠴᠠᠬᠤ ᠳᠤᠭᠤᠶᠢᠯᠠᠩ ᠤᠨ ᠬᠢᠨ ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ ᠵᠤᠤ ᠢᠤᠢ ᠪᠤᠤ ᠶᠢᠨ ᠪᠠᠷ᠎ᠠ ᠪᠤᠯᠤᠯᠭ᠎ᠠ ᠲᠠᠢ ᠪᠠᠷ ᠴᠥᠩ ᠭᠤᠸᠠᠩ ᠲᠣᠰᠬᠤᠨ᠂ ᠶᠦᠩ ᠱᠧᠩ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ᠂ ᠤᠯᠤᠰ ᠤᠨ ᠦᠨᠡᠯᠡᠨ  ᠵᠢᠱᠢᠯᠳᠡ   ᠳᠤ ᠪᠡᠯᠡᠳᠭᠡᠭᠰᠡᠨ ᠬᠠᠮᠢᠶ᠎ᠠ ᠪᠥᠬᠦᠶ ᠲᠠᠩᠰᠠ ᠡᠪᠬᠡᠮᠡᠯ ᠢ ᠦᠵᠡᠵᠦ᠂  ᠴᠥᠩ ᠭᠤᠸᠠᠩ ᠲᠤᠰᠬᠤᠨ᠂ ᠶᠦᠩ ᠱᠧᠩ ᠬᠤᠶᠠᠷ ᠲᠣᠰᠬᠤᠨ ᠤ ᠺᠠᠳ᠋ᠷ ᠠᠴᠠ ᠲᠤᠰ ᠲᠣᠰᠬᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠲᠤᠭᠤᠷᠢᠨ ᠰᠤᠷᠤᠯᠴᠠᠬᠤ ᠳᠤᠭᠤᠶᠢᠯᠠᠩ ᠲᠠᠢ ᠠᠷᠭ᠎ᠠ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃  ᠲᠤᠬᠠᠶ ᠶᠢᠨ ᠭᠠᠵᠠᠷ ᠲᠤᠨᠢ ᠪᠠᠶᠢᠴᠠᠭᠠᠨ  ᠦᠵᠡᠬᠦ᠂ ᠲᠠᠨᠢᠯᠴᠠᠭᠤᠯᠭ᠎ᠠ ᠬᠢᠬᠦ ᠪᠠ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠠᠳ᠂   ᠬᠤᠩ ᠴᠢ ᠪᠠᠯᠭᠠᠰᠤᠨ ᠤ ᠺᠠᠳ᠋ᠷᠴᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠥᠬᠦᠶ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠪᠥᠬᠦ ᠲᠠᠯ᠎ᠠ   ᠶᠢᠨ ᠭᠦᠨᠵᠡᠭᠡᠶ ᠲᠠᠨᠢᠯᠲᠠ ᠲᠠᠢ ᠪᠤᠯᠵᠠᠭᠠᠵᠠᠢ᠃ ᠲᠠᠷᠠᠭᠠᠴᠢ ᠶᠢᠨ ᠠᠯᠬᠤᠮ ᠳᠤ ᠦᠪᠡᠷ ᠦᠪᠡᠷ ᠤᠨ ᠪᠣᠳᠠᠲᠤ ᠪᠠᠶᠢᠳᠠᠯ ᠢᠶᠠᠨ ᠨᠠᠷᠢᠨ ᠬᠢᠨᠠᠮᠠᠭᠠᠶ ᠵᠠᠳᠠᠯᠵᠤ᠂  ᠠᠬ᠎ᠠ ᠲᠡᠬᠦᠦ ᠰᠤᠮᠤ ᠰᠢᠶᠠᠩ ᠪᠠᠯᠭᠠᠰᠤᠨ ᠤ ᠲᠡᠷᠢᠭᠦᠨ ᠤ  ᠠᠷᠭ᠎ᠠ ᠲᠤᠷᠰᠢᠯᠭ᠎ᠠ ᠶᠢ ᠰᠤᠷᠤᠯᠴᠠᠨ ᠲᠣᠯᠢᠳᠠᠵᠤ᠂   ᠲᠣᠰᠬᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠬᠦ ᠲᠠᠯ᠎ᠠ ᠶᠢᠨ ᠬᠥᠭᠵᠢᠯᠲᠡ ᠶᠢ ᠪᠦᠲᠦᠮᠵᠢᠲᠡᠶ  ᠠᠬᠢᠭᠤᠯᠬᠤ ᠪᠠᠷ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号