ᠶᠠᠩ ᠶᠢᠨ ᠮᠢᠩ ᠵᠡᠷᠭᠡ ᠤᠳᠤᠷᠢᠳᠤᠯᠭ᠎ᠠ ᠰᠢᠩ ᠹᠦ᠋ ᠰᠢᠶᠠᠩ ᠳᠤ ᠬᠦᠨᠵᠡᠬᠡᠶᠢᠷᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/12/31
 ᠣᠶᠢᠷ᠎ᠠ ᠳᠤ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ᠂ ᠤᠯᠤᠰ ᠲᠥᠷᠥ  ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠵᠢᠱᠢᠭᠳᠡᠭᠴᠢ ᠶᠠᠩ  ᠶᠢᠨ ᠮᠢᠩ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠵᠡᠪᠰᠡᠭᠳᠦ ᠬᠦᠴᠦᠨ ᠤ ᠭᠡᠯᠳᠡᠰ ᠤᠨ ᠲᠠᠷᠤᠭ᠎ᠠ ᠯᠢᠦ ᠰᠢᠨ ᠹᠧᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ᠂ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠲᠢᠩ ᠰᠢᠦ᠂ ᠦᠶᠯᠡᠳᠪᠦᠷᠢ ᠬᠤᠳᠠᠯᠳᠤᠭᠠᠨ  ᠤ ᠬᠤᠯᠪᠣᠭ᠎ᠠ ᠶᠢᠨ ᠲᠡᠷᠢᠭᠦᠯᠡᠭᠴᠢ᠂ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ  ᠢᠤᠢ ᠴᠧᠩ ᠭᠦᠸᠧ  ᠵᠡᠷᠭᠡ ᠭᠠᠵᠠᠷ ᠤᠨ ᠲᠡᠰ ᠤᠨ ᠤᠳᠤᠷᠢᠳᠤᠯᠭ᠎ᠠ ᠨᠠᠷ ᠲᠤᠰᠪᠤᠷᠢ ᠰᠢᠩ ᠹᠦ᠋ ᠰᠢᠶᠠᠩ ᠤᠨ ᠳᠠᠭᠠᠭᠠᠴᠢᠯᠠᠨ ᠬᠠᠷᠢᠯᠴᠠᠬᠤ ᠲᠣᠰᠬᠤᠨ ᠳᠠᠭᠠᠨ ᠭᠦᠨᠵᠡᠭᠡᠶᠢᠷᠡᠵᠦ᠂  ︽ᠨᠢᠭᠡᠳᠦᠭᠡᠷ ᠱᠦᠵᠢ︾᠂ ᠲᠣᠰᠬᠤᠨ ᠤ ᠺᠠᠳᠠᠷ᠂ ᠠᠵᠢᠯᠯᠠᠬᠤ ᠠᠩᠭᠢ   ᠶᠢᠨ ᠬᠡᠰᠢᠬᠦᠳ ᠲᠠᠢ ᠶᠠᠷᠢᠯᠴᠠᠬᠤ  ᠬᠢᠭᠰᠡᠨ ᠪᠦᠬᠡᠳ  ᠠᠶᠢᠯ ᠡᠷᠦᠬᠡ   ᠪᠠᠷ ᠲᠤᠭᠤᠷᠢᠵᠤ᠂  ᠣᠷᠣᠯᠭ᠎ᠠ ᠶᠢᠨ ᠢᠷᠡᠯᠲᠡ᠂  ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ   ᠶᠢᠨ ᠨᠠᠶᠢᠳᠠᠪᠤᠷᠢᠵᠢᠭᠤᠯᠤᠯᠳᠠ᠂ ᠢᠯᠡ ᠺᠠᠷᠲ ᠶᠢ ᠲᠠᠭᠯᠠᠭᠰᠠᠨ ᠪᠠᠶᠢᠳᠠᠯ᠂ ᠣᠷᠣᠯᠭ᠎ᠠ ᠵᠠᠷᠤᠯᠭ᠎ᠠ ᠶᠢᠨ ᠬᠠᠷᠭᠤᠭᠤᠯᠤᠨ ᠪᠤᠳᠤᠭᠰᠠᠨ ᠪᠠᠶᠢᠳᠠᠯ ᠢ ᠪᠠᠶᠢᠴᠠᠭᠠᠨ ᠦᠵᠡᠵᠦ  ᠂  ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ  ᠱᠠᠭᠠᠷᠳᠠᠯᠭ᠎ᠠ ᠲᠤᠷᠠᠳᠴᠤ ᠵᠢᠭᠠᠨ ᠵᠢᠯᠤᠭᠤᠳᠤᠭᠰᠠᠨ ᠪᠠᠶᠢᠨ᠎ᠠ᠃    ᠶᠠᠩ ᠶᠢᠨ ᠮᠢᠩ  ᠄ ᠨᠢᠭᠡ ᠳᠤ᠂ ᠢᠯᠡ ᠺᠠᠷᠲ ᠢ ᠲᠠᠭᠯᠠᠨ ᠪᠢᠴᠢᠬᠦ ᠠᠵᠢᠯ ᠢ ᠨᠠᠷᠢᠯᠢᠭ ᠣᠨᠣᠪᠴᠢᠲᠠᠶ ᠬᠢᠵᠦ᠂ ᠣᠷᠣᠯᠭ᠎ᠠ  ᠵᠠᠷᠤᠯᠭ᠎ᠠ ᠶᠢ ᠨᠠᠷᠢᠨ ᠨᠢᠮᠪᠠᠶ ᠬᠠᠷᠭᠤᠭᠤᠯᠤᠨ ᠪᠤᠳᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠶᠯᠡᠳᠦᠯᠭᠡ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠬᠠᠭᠤᠯᠭ᠎ᠠ ᠶᠢ ᠶᠡᠭᠡ ᠪᠠᠷ ᠥᠷᠨᠢᠭᠦᠯᠵᠦ᠂ ᠣᠯᠠᠨ ᠲᠦᠮᠡᠨ ᠤ ᠳᠤᠮᠳᠠ  ᠬᠦᠨᠵᠡᠬᠡᠶᠢᠷᠡᠵᠦ᠂ ᠣᠯᠠᠨ ᠲᠦᠮᠡᠨ ᠢ ᠵᠢᠯᠤᠭᠤᠳᠤᠨ ᠨᠠᠮ ᠤᠨ ᠱᠤᠭᠤᠮ ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ  ᠰᠤᠷᠤᠯᠴᠠᠭᠤᠯᠵᠤ᠂ ᠪᠣᠳᠠᠲᠤ ᠠᠰᠢᠭ ᠬᠠᠮᠢᠭ᠎ᠠ ᠠᠴᠠ ᠢᠷᠡᠭᠰᠡᠨ ᠭᠡᠳᠡᠭ  ᠢ ᠤᠶᠢᠯᠠᠭᠠᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠬᠦ ᠬᠡᠷᠡᠭᠲᠡᠶ᠃    ᠯᠢᠦ ᠰᠢᠨ ᠹᠧᠩ᠄ ᠡᠯ᠎ᠡ ᠲᠣᠰᠬᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠨ᠂ ᠢᠯᠡ ᠺᠠᠷᠲ ᠲᠠᠭᠯᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠳᠬᠠᠨ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ  ᠪᠠᠷᠢᠮᠳᠠᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠠᠵᠢᠯ ᠤᠨ ᠰᠢᠨ᠎ᠡ ᠪᠠᠶᠢᠳᠠᠯ ᠢ  ᠡᠬᠦᠳᠦᠨ᠂ ᠡᠯ᠎ᠡ ᠲᠦᠷᠦᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃    ᠢᠤᠢ ᠴᠧᠩ ᠭᠦᠸᠧ᠄ ᠡᠯ᠎ᠡ ᠲᠣᠰᠬᠤᠨ ᠤ 《 ᠨᠢᠭᠡᠳᠦᠭᠡᠷ ᠱᠦᠵᠢ 》 ᠪᠠ ᠲᠣᠰᠬᠤᠨ ᠤ ᠱᠦᠵᠢ᠂ ᠠᠵᠢᠯᠯᠠᠬᠤ ᠠᠩᠬᠢ ᠶᠢᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠠᠯᠲᠠ ᠪᠠᠨ ᠲᠤᠳᠤᠷᠬᠠᠶᠢᠯᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂  ᠨᠠᠷᠢᠯᠢᠭ  ᠠᠳᠬᠤᠨ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂  ᠡᠬᠦᠷᠭᠡ ᠬᠠᠷᠠᠯᠲᠠ  ᠶᠢ ᠪᠠᠲᠤ ᠡᠵᠡᠮᠳᠡᠨ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠬᠤᠰᠢᠭᠤ ᠨᠠᠮ ᠤᠨ ᠬᠤᠷᠢᠶᠠᠨ ᠤ  ᠪᠠᠶᠢᠷᠢᠯᠠᠭᠤᠯᠤᠭᠰᠠᠨ ᠠᠵᠢᠯ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃     ᠯᠢᠦ ᠲᠢᠩ ᠰᠢᠦ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠨ ᠤᠯᠠᠮ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠠᠢ ᠲᠠᠢ ᠨᠢᠭᠲᠠ ᠤᠶᠠᠯᠳᠤᠭᠤᠯᠤᠨ ᠠᠵᠢᠯ  ᠢᠶᠠᠨ ᠥᠷᠨᠢᠭᠦᠯᠵᠦ᠂ ᠠᠵᠢᠯ ᠤᠨ ᠳᠤᠲᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠣᠨᠣᠪᠴᠢᠲᠠᠢ ᠡᠷᠢᠵᠦ ᠭᠠᠷᠭᠠᠨ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂  ᠬᠢᠨᠠᠨ ᠬᠡᠮᠵᠢᠬᠦ᠂ ᠺᠠᠷᠲ ᠲᠠᠭᠯᠠᠬᠤ ᠵᠡᠷᠭᠡ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号