︽ᠲᠠᠪᠤᠨ ᠱᠠᠭᠠᠷᠳᠠᠯᠭ᠎ᠠ ︾ ᠶᠢ ᠭᠡᠷᠡᠭᠵᠢᠬᠦᠯᠵᠦ  ᠲᠦᠭᠰᠢᠬᠦᠷᠢᠳᠦ ᠬᠢᠵᠢᠭ ᠢ ᠰᠡᠷᠭᠡᠶᠢᠯᠡᠨᠡᠮ
ᠨᠡᠶᠢᠲᠡᠯᠡᠭᠰᠡᠨ ᠴᠠᠭ᠄
2021/12/8
 ᠬᠤᠭᠤᠯᠠ  ᠤᠮᠳᠠ ᠶᠢᠨ ᠦᠢᠯᠡᠴᠢᠯᠡᠭᠡ ᠶᠢᠨ ᠶᠠᠪᠤᠴᠠ ᠳᠤ ᠬᠢᠵᠢᠭ ᠡᠪᠡᠳᠴᠢᠨ ᠬᠠᠯᠳᠠᠪᠤᠷᠢᠯᠠᠬᠤ ᠶᠢ ᠪᠦᠳᠦᠮᠵᠢᠳᠡᠢ ᠰᠡᠷᠭᠡᠶᠢᠯᠡᠵᠦ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠬᠤ ᠶᠢᠨ ᠲᠦᠯᠦᠬᠡ᠂  ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠠᠮᠢᠶ᠎ᠠ ᠪᠦᠬᠦᠢ  ᠱᠠᠭᠠᠷᠳᠠᠯᠭ᠎ᠠ ᠶᠤᠰᠤᠭᠠᠷ᠂ ᠬᠤᠰᠢᠭᠤᠨ ᠤ ᠵᠠᠬ᠎ᠠ ᠲᠡᠯᠬᠡᠬᠦᠷ ᠬᠢᠨᠠᠨ ᠬᠠᠮᠢᠶᠠᠷᠬᠤ ᠲᠤᠪᠴᠢᠶ᠎ᠠ ᠨᠢ ᠲᠤᠮᠤ ᠬᠡᠯᠪᠡᠷᠢ ᠶᠢᠨ ᠬᠤᠭᠤᠯᠠ  ᠤᠮᠳᠠ ᠶᠢᠨ ᠦᠢᠯᠡᠴᠢᠯᠡᠬᠡᠨ ᠤ ᠨᠢᠬᠡᠴᠡ ᠤᠳ ᠢ ᠵᠤᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠤᠯᠵᠤᠨ ᠶᠠᠷᠢᠯᠴᠠᠬᠤ ᠬᠤᠷᠠᠯ ᠬᠢᠵᠦ᠂  ᠡᠵᠡᠩᠨᠡᠭᠴᠢᠳ ᠲᠤ ︽ᠲᠠᠪᠤᠨ ᠱᠠᠭᠠᠷᠳᠠᠯᠭ᠎ᠠ︾ ᠶᠢ  ᠲᠤᠷᠠᠳᠤᠭᠰᠠᠨ ᠪᠠᠶᠢᠨ᠎ᠠ᠃  ᠲᠤᠬᠠᠶᠢᠯᠠᠪᠠᠯ᠂ ᠨᠢᠬᠡ ᠳᠤ ᠰᠡᠷᠭᠡᠶᠢᠯᠡᠨ ᠡᠵᠡᠮᠳᠡᠬᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠭᠤᠯᠠ  ᠤᠮᠳᠠ ᠶᠢᠨ ᠦᠢᠯᠡᠴᠢᠯᠡᠬᠡᠨ ᠤ ᠨᠢᠬᠡᠴᠡ ᠨᠢ ᠲᠤᠰᠬᠠᠢ ᠬᠦᠮᠦᠨ  ᠲᠤᠬᠢᠷᠠᠭᠤᠯᠤᠨ᠂  ᠢᠷᠡᠭᠰᠡᠨ ᠵᠤᠴᠢᠳ ᠤᠨ ᠬᠠᠯᠠᠭᠤᠨ ᠢ ᠬᠡᠮᠵᠢᠬᠦ᠂ ᠺᠤᠳ᠋ ᠰᠢᠯᠭᠠᠬᠤ᠂  ᠠᠮᠠᠪᠴᠢ ᠵᠡᠬᠦᠯᠬᠡᠬᠦ᠂  ᠵᠠᠶᠢᠳᠠᠢ ᠵᠤᠭᠰᠤᠭᠠᠬᠤ ᠵᠡᠷᠭᠡ ᠰᠡᠷᠭᠡᠶᠢᠯᠡᠯᠳᠡ ᠶᠢᠨ ᠠᠷᠭ᠎ᠠ ᠪᠠᠷᠢᠯ ᠢ ᠭᠡᠷᠡᠭᠵᠢᠬᠦᠯᠦᠨ᠎ᠡ᠃  ᠬᠤᠶᠠᠷ ᠲᠤ ᠡᠵᠡᠩᠨᠡᠯᠳᠡ ᠶᠢᠨ ᠲᠠᠯᠠᠪᠤᠷ ᠤᠨ ᠬᠠᠮᠢᠶᠠᠷᠤᠯᠳᠠ ᠶᠢ ᠴᠢᠩᠭᠠᠳᠬᠠᠵᠤ᠂  ᠰᠢᠷᠡᠭᠡ ᠠᠯᠤᠰᠯᠠᠨ ᠵᠠᠶᠢᠳᠠᠢ ᠰᠠᠭᠤᠬᠤ᠂ ᠨᠡᠶᠢᠳᠡ ᠶᠢᠨ ᠬᠠᠯᠪᠠᠭ᠎ᠠ ᠰᠠᠪᠬ᠎ᠠ ᠭᠡᠷᠡᠭᠯᠡᠬᠦ  ᠲᠦᠷᠢᠮ ᠢ ᠭᠡᠷᠡᠭᠵᠢᠬᠦᠯᠦᠨ᠎ᠡ᠃  ᠭᠤᠷᠪᠠ ᠳᠤ  ᠬᠤᠭᠤᠯᠠᠨ ᠭᠡᠷ ᠨᠢ ᠬᠤᠷᠢᠮ ᠨᠠᠶᠢᠷ   ᠢ ᠲᠠᠭᠠᠭᠠᠴᠢᠯᠠᠨ ᠬᠢᠬᠦ   ᠳᠡᠭᠡᠨ ᠬᠤᠰᠢᠭᠤᠨ ᠤ ᠵᠠᠬ᠎ᠠ ᠲᠡᠯᠬᠡᠬᠦᠷ ᠬᠢᠨᠠᠨ ᠬᠠᠮᠢᠶᠠᠷᠬᠤ ᠲᠤᠪᠴᠢᠶ᠎ᠠ ᠳᠤ ᠭᠠᠷᠠᠭ ᠤᠨ ᠡᠮᠦᠨ᠎ᠡ  ᠮᠡᠳᠡᠬᠦᠯᠦᠨ  ᠲᠠᠩᠰᠠᠯᠠᠭᠤᠯᠵᠤ᠂  ᠨᠤᠭᠤᠭ᠎ᠠ ᠵᠠᠭᠤᠰᠢ ᠶᠢᠨ ᠵᠠᠬᠢᠶᠠᠯᠠᠭ᠎ᠠ ᠪᠠ  ᠤᠷᠤᠯᠴᠠᠬᠤ ᠵᠤᠴᠢᠳ ᠤᠨ ᠲᠤᠭ᠎ᠠ ᠶᠢ  ᠬᠠᠩᠭᠠᠬᠤ ᠶᠢᠨ ᠬᠠᠮᠳᠤ ᠠᠮᠠᠯᠠᠯᠳᠠ ᠶᠢᠨ ᠭᠡᠷ᠎ᠡ ᠲᠤᠭᠳᠠᠨ᠎ᠠ᠃  ᠲᠦᠷᠪᠡ ᠳᠤ  ᠤᠷᠴᠢᠨ ᠲᠤᠭᠤᠷᠢᠨ ᠤ ᠠᠷᠢᠭᠤᠨ ᠴᠡᠪᠡᠷ ᠢ ᠴᠢᠩᠭᠠᠳᠬᠠᠵᠤ᠂  ᠡᠵᠡᠩᠨᠡᠯᠳᠡ  ᠶᠢᠨ ᠲᠠᠯᠠᠪᠤᠷ ᠲᠠᠭᠠᠨ ᠪᠠᠶᠢᠩᠭᠤ ᠶᠢᠨ ᠴᠢᠨᠠᠷᠳᠠᠢ ᠠᠷᠢᠭᠤᠳᠬᠠᠯ ᠬᠢᠵᠦ ᠰᠠᠯᠬᠢ  ᠨᠡᠪᠳᠡᠷᠡᠬᠦᠯᠦᠨ᠂   ᠰᠢᠷᠡᠭᠡ ᠰᠠᠨᠳᠠᠯᠢ᠂ ᠠᠶᠠᠭ᠎ᠠ ᠰᠠᠪᠬ᠎ᠠ ᠵᠡᠷᠭᠡ ᠨᠡᠶᠢᠳᠡ ᠶᠢᠨ ᠭᠡᠷᠡᠭᠰᠡᠯ   ᠢ ᠪᠦᠷ  ︽ᠨᠢᠬᠡ ᠬᠦᠮᠦᠨ   ᠳᠤ ᠨᠢᠬᠡ  ᠠᠷᠢᠭᠤᠳᠬᠠᠬᠤ︾  ᠠᠷᠭ᠎ᠠ   ᠪᠠᠷ ᠭᠡᠷᠡᠭᠯᠡᠵᠦ᠂ ᠬᠠᠮᠢᠶᠠᠷᠤᠯᠳᠠ ᠶᠢᠨ ᠲᠤᠮᠳᠠ ᠠᠯᠳᠠᠰᠢ  ᠭᠠᠷᠬᠤ ᠠᠴᠠ ᠰᠡᠷᠭᠡᠶᠢᠯᠡᠨ᠂ ᠬᠢᠵᠢᠭ ᠤᠨ ᠲᠦᠭᠰᠢᠬᠦᠷᠢ ᠶᠢ ᠪᠦᠳᠦᠮᠵᠢᠳᠡᠢ ᠡᠵᠡᠮᠳᠡᠨ ᠬᠤᠷᠢᠭᠯᠠᠨ᠎ᠠ᠃ ᠲᠠᠪᠤ ᠳᠤ ᠲᠦᠬᠦᠭᠡᠢ ᠮᠠᠲ᠋ᠧᠷᠢᠶᠠᠯ ᠤᠷᠤᠭᠤᠯᠬᠤ ᠶᠠᠪᠤᠴᠠ ᠶᠢ ᠲᠦᠷᠢᠮᠵᠢᠬᠦᠯᠦᠨ᠂  ᠬᠠᠤᠯᠢ ᠳᠤ ᠨᠡᠶᠢᠴᠡᠭᠰᠡᠨ ᠠᠷᠭ᠎ᠠ ᠵᠠᠮ ᠢᠶᠠᠷ ᠮᠠᠲ᠋ᠧᠷᠢᠶᠠᠯ ᠤᠷᠤᠭᠤᠯᠵᠤ᠂  ᠰᠢᠯᠭᠠᠨ ᠪᠠᠶᠢᠴᠠᠭᠠᠬᠤ᠂   ᠭᠡᠷᠡᠴᠢ ᠪᠠᠷᠢᠮᠳᠠ ᠠᠪᠬᠤ᠂   ᠲᠡᠮᠳᠡᠭᠯᠡᠨ ᠲᠠᠩᠰᠠᠯᠠᠬᠤ ᠠᠵᠢᠯ ᠢ ᠴᠢᠩᠭ᠎ᠠ ᠨᠢᠮᠪᠠᠢ ᠬᠢᠬᠦ ᠶᠢᠨ ᠬᠠᠮᠳᠤ᠂  ᠬᠤᠷᠢᠭ᠎ᠠ ᠴᠠᠭᠠᠵᠠ ᠲᠠᠢ ᠢᠳᠡᠭᠡᠨ ᠤ ᠵᠦᠢᠯ᠂  ᠭᠡᠭᠡᠷ᠎ᠡ ᠶᠢᠨ ᠠᠮᠢᠳᠠᠨ ᠤ ᠮᠢᠬ᠎ᠠ  ᠵᠡᠷᠭᠡ ᠶᠢ  ᠬᠤᠳᠠᠯᠳᠤᠨ ᠤᠷᠤᠭᠤᠯᠬᠤ  ᠪᠤᠶᠤ ᠵᠠᠷᠤᠵᠤ ᠭᠡᠷᠡᠭᠯᠡᠬᠦ ᠶᠢ ᠡᠷᠡᠰ ᠴᠡᠭᠡᠷᠯᠡᠨ᠎ᠡ ᠬᠡᠵᠦ ᠱᠠᠭᠠᠷᠳᠠᠵᠠᠢ ᠃  ᠲᠠᠷᠠᠭ᠎ᠠ ᠠᠯᠬᠤᠮ ᠳᠤ᠂  ᠲᠠᠶᠢᠹᠤᠰᠧ ᠬᠤᠰᠢᠭᠤᠨ ᠤ ᠵᠠᠬ᠎ᠠ ᠲᠡᠯᠬᠡᠬᠦᠷ ᠬᠢᠨᠠᠨ ᠬᠠᠮᠢᠶᠠᠷᠬᠤ ᠲᠤᠪᠴᠢᠶ᠎ᠠ ᠨᠢ  ᠪᠠᠶᠢᠴᠠᠭᠠᠨ ᠴᠡᠭᠴᠡᠯᠡᠬᠦ ᠡᠷᠴᠢᠮ ᠢ ᠤᠯᠠᠮ ᠴᠢᠩᠭᠠᠷᠠᠭᠤᠯᠵᠤ᠂  ᠠᠰᠠᠭᠤᠳᠠᠯ ᠢᠯᠡᠷᠡᠪᠡᠯ ᠴᠠᠭ ᠲᠤᠨᠢ ᠰᠢᠢᠳᠪᠦᠷᠢᠯᠡᠨ᠂   ᠪᠠᠶᠢᠳᠠᠯ ᠨᠢ ᠬᠦᠨᠳᠦ ᠨᠤᠴᠢᠳᠠᠢ ᠪᠤᠯ ᠰᠢᠳᠬᠡᠯ ᠲᠤᠷᠭᠤᠭᠤᠯᠢ ᠦᠭᠬᠦ᠂   ᠡᠬᠦᠳᠡ ᠶᠢ ᠨᠢ ᠬᠠᠭᠠᠯᠭᠠᠵᠤ ᠡᠵᠡᠩᠨᠡᠯᠳᠡ ᠶᠢ ᠨᠢ ᠵᠤᠭᠰᠤᠭᠠᠬᠤ ᠵᠡᠷᠭᠡ ᠠᠷᠭ᠎ᠠ ᠪᠠᠷ  ᠬᠢᠵᠢᠭ ᠰᠡᠷᠭᠡᠶᠢᠯᠡᠬᠦ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠤᠭᠤᠭ ᠢ ᠠᠷᠢᠯᠭᠠᠬᠤ ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号