ᠡᠬᠦᠷᠭᠡ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ ᠠᠶᠤᠯᠬᠦᠢ ᠦᠢᠯᠡᠳᠪᠦᠷᠢᠯᠡᠯ ᠢ ᠪᠠᠳᠤᠯᠠᠨ ᠠᠬᠢᠭᠤᠯᠪᠠ
ᠨᠡᠶᠢᠲᠡᠯᠡᠭᠰᠡᠨ ᠴᠠᠭ᠄
2021/12/8
 ᠬᠤᠤᠰ ︽ᠵᠠᠭᠤᠨ ᠡᠳᠦᠷ ᠤᠨ ᠪᠤᠭᠤᠮᠳᠠ ᠰᠢᠪᠳᠤᠯᠬᠤ︾ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠰᠢ᠂  ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠨᠢ  ᠡᠨᠡᠬᠦ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂  ᠲᠠᠷᠤᠢ ᠲᠦᠷᠬᠡᠨ ᠬᠦᠳᠡᠯᠦᠯᠴᠡᠵᠦ᠂   ︽ᠪᠠᠶᠢᠩᠭᠤ ᠠᠳᠬᠤᠬᠤ᠂  ᠤᠳᠠᠭᠠᠨ ᠠᠳᠬᠤᠬᠤ᠂ ᠨᠠᠷᠢᠨ ᠠᠳᠬᠤᠬᠤ︾ ᠲᠡᠭᠡᠷ᠎ᠡ ᠬᠦᠴᠦ ᠤᠷᠤᠭᠤᠯᠤᠨ᠂  ᠡᠯ᠎ᠡ ᠲᠦᠷᠦᠯ ᠤᠨ ᠠᠵᠢᠯ ᠢ ᠰᠢᠨ᠎ᠡ ᠱᠠᠳᠤᠨ ᠳᠤ ᠠᠬᠢᠭᠤᠯᠵᠤ᠂  ᠪᠤᠭᠤᠮᠳᠠ ᠰᠢᠪᠳᠤᠯᠬᠤ ᠠᠵᠢᠯᠯᠠᠭ᠎ᠠ ᠶᠢ ᠠᠮᠵᠢᠯᠳᠠᠳᠠᠢ ᠪᠡᠶᠡᠯᠡᠬᠦᠯᠬᠦ ᠪᠠᠷ ᠴᠢᠷᠮᠠᠶᠢᠵᠤ ᠪᠠᠶᠢᠨ᠎ᠠ᠃   ᠲᠤᠰ ᠲᠤᠪᠴᠢᠶᠠᠨ ᠤ ᠬᠢᠨ  ︽ᠠᠶᠤᠯᠬᠦᠢ ᠦᠢᠯᠡᠳᠪᠦᠷᠢᠯᠡᠯ ᠳᠤ ᠬᠦᠩᠭᠡᠪᠴᠢᠯᠡᠬᠦ ᠤᠴᠢᠷ ᠦᠬᠡᠢ  ᠂ ᠡᠬᠦᠷᠭᠡ ᠬᠠᠷᠢᠭᠤᠴᠠᠯᠭ᠎ᠠ ᠠᠨᠤ ᠲᠠᠶᠢᠱᠠᠨ ᠠᠭᠤᠯᠠᠨ ᠮᠡᠳᠦ︾ ᠬᠡᠮᠡᠬᠦ ᠤᠶᠢᠯᠠᠭᠠᠭᠳᠠᠬᠤᠨ ᠢ ᠪᠠᠳᠤ ᠪᠠᠬᠢ ᠪᠤᠢ  ᠪᠤᠯᠭᠠᠵᠤ᠂  ᠠᠶᠤᠯᠬᠦᠢ ᠦᠢᠯᠡᠳᠪᠦᠷᠢᠯᠡᠯ ᠤᠨ ᠠᠵᠢᠯ ᠢ  ᠡᠳᠦᠷ ᠲᠤᠳᠤᠮ ᠤᠨ ᠴᠢᠬᠤᠯᠠ  ᠵᠦᠪᠯᠡᠬᠦ ᠵᠦᠢᠯ ᠳᠡᠭᠡᠨ ᠤᠷᠤᠭᠤᠯᠤᠨ᠂  ᠲᠤᠬᠠᠶᠢᠯᠠᠭᠰᠠᠨ ᠠᠵᠢᠯ ᠲᠠᠢ ᠪᠠᠨ  ᠬᠠᠮᠳᠤ ᠳᠤᠨᠢ ᠲᠦᠯᠦᠪᠯᠡᠵᠦ᠂ ᠬᠠᠮᠳᠤ ᠳᠤᠨᠢ ᠪᠠᠶᠢᠷᠢᠯᠠᠭᠤᠯᠵᠤ᠂ ᠬᠠᠮᠳᠤ  ᠳᠤᠨᠢ ᠪᠠᠶᠢᠴᠠᠭᠠᠵᠤ᠂ ᠬᠠᠮᠳᠤ ᠳᠤᠨᠢ ᠨᠠᠶᠢᠳᠠᠪᠤᠷᠢᠵᠢᠭᠤᠯᠵᠤ  ᠂ ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠳᠬᠠᠨ᠂   ᠠᠶᠤᠯᠬᠦᠢ ᠦᠢᠯᠡᠳᠪᠦᠷᠢᠯᠡᠯ   ᠢ ᠪᠠᠳᠤᠯᠠᠬᠤ ︽ ᠠᠯᠳᠠᠨ ᠴᠠᠭᠠᠷᠢᠭ ᠤᠨ ᠠᠮᠠᠨ ᠲᠠᠷᠨᠢ︾ ᠶᠢ ᠰᠠᠶᠢᠨ ᠤᠩᠰᠢᠵᠤ᠂   ᠠᠷᠠᠯᠵᠢᠶ᠎ᠠ ᠬᠤᠳᠠᠯᠳᠤᠭᠠᠨ ᠤ ᠠᠵᠢᠯ ᠲᠦᠷᠦᠯ ᠤᠨ ᠪᠤᠳᠠᠳᠠᠢ ᠲᠠᠢ ᠤᠶᠠᠯᠳᠤᠭᠤᠯᠤᠨ  ᠂  ᠠᠵᠤ ᠠᠬᠤᠶᠢᠯᠠᠯ ᠢᠶᠠᠷ ᠲᠤᠭᠤᠷᠢᠨ ᠬᠦᠨᠵᠡᠬᠡᠶᠢᠷᠡᠬᠦ᠂  ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂  ᠰᠦᠯᠵᠢᠶ᠎ᠡ ᠬᠤᠯᠪᠤᠭ᠎ᠠ ᠪᠤᠶᠤ ᠡᠯᠧᠺᠲᠷᠤᠨ ᠲᠡᠯᠬᠡᠴᠡ ᠶᠢ ᠠᠰᠢᠭᠯᠠᠬᠤ ᠬᠡᠯᠪᠡᠷᠢ ᠪᠠᠷ  ᠠᠶᠤᠯᠬᠦᠢ ᠦᠢᠯᠡᠳᠪᠦᠷᠢᠯᠡᠯ ᠤᠨ ᠬᠠᠤᠯᠢ ᠲᠦᠷᠢᠮ᠂  ᠱᠠᠭᠠᠷᠳᠠᠯᠭ᠎ᠠ ᠪᠠᠶᠢᠷᠢᠯᠠᠭᠤᠯᠤᠯᠳᠠ ᠪᠠ ᠶᠡᠷᠦ ᠶᠢᠨ ᠮᠡᠳᠡᠯᠬᠡ ᠶᠢ ᠬᠦᠨᠵᠡᠬᠡᠢ ᠤᠬᠠᠭᠤᠯᠵᠤ᠂  ᠪᠦᠬᠦ ᠨᠡᠶᠢᠬᠡᠮ ᠢᠶᠠᠷ  ᠢᠶᠠᠨ  ᠠᠶᠤᠯᠬᠦᠢ ᠦᠢᠯᠡᠳᠪᠦᠷᠢᠯᠡᠯ ᠢ ᠬᠠᠯᠠᠮᠵᠢᠯᠠᠬᠤ ᠶᠢ ᠠᠬᠢᠭᠤᠯᠵᠠᠢ᠃   ᠡᠬᠦᠨ ᠤ ᠬᠠᠮᠳᠤ᠂ ᠬᠢᠨᠠᠯᠳᠠ ᠪᠠᠶᠢᠴᠠᠭᠠᠯᠳᠠ ᠶᠢ ᠴᠢᠩᠭᠠᠳᠬᠠᠵᠤ᠂  ᠠᠷᠠᠯᠵᠢᠶ᠎ᠠ ᠬᠤᠳᠠᠯᠳᠤᠭᠠᠨ ᠤ ᠠᠵᠢᠯ ᠲᠦᠷᠦᠯ ᠤᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ  ᠪᠦᠬᠦ ᠲᠠᠯᠠᠪᠠᠷ ᠨᠠᠶᠢᠳᠠᠪᠤᠷᠢᠵᠢᠭᠤᠯᠤᠨ᠂ ᠭᠤᠤᠯᠳᠠᠯᠭᠠᠳᠠᠢ ᠬᠦᠷᠢᠶ᠎ᠡ ᠴᠠᠷᠠᠭ᠎ᠠ᠂ ᠭᠤᠤᠯᠳᠠᠯᠭᠠᠳᠠᠢ ᠠᠵᠢᠯ ᠲᠦᠷᠦᠯ᠂ ᠭᠤᠤᠯᠳᠠᠯᠭᠠᠳᠠᠢ ᠠᠵᠤ ᠠᠬᠤᠶᠢᠯᠠᠯ ᠳᠤ ᠴᠢᠩᠭ᠎ᠠ ᠬᠢᠨᠠᠯᠳᠠ  ᠲᠠᠯᠪᠢᠵᠤ᠂  ᠲᠤᠰᠬᠠᠢ ᠴᠡᠭᠴᠡᠯᠡᠯᠳᠡ   ᠶᠢᠨ ᠠᠵᠢᠯ ᠢ ᠯᠠᠪᠳᠠᠭᠤᠨ ᠪᠠᠳᠤᠳᠠᠢ ᠦᠷᠨᠢᠬᠦᠯᠦᠨ᠂  ᠭᠡᠮ ᠰᠤᠭᠤᠭ ᠢ ᠠᠷᠢᠯᠭᠠᠵᠤ᠂ ᠠᠮᠤᠷ ᠲᠦᠪᠰᠢᠨ ᠢ ᠪᠠᠳᠤᠯᠠᠭᠰᠠᠨ ᠪᠠᠶᠢᠨ᠎ᠠ᠃ ᠤᠳᠤ ᠪᠤᠯᠳᠠᠯ᠎ᠠ᠂  ᠲᠤᠰ  ᠲᠤᠪᠴᠢᠶ᠎ᠠ ᠨᠢ ᠪᠦᠬᠦ ᠬᠤᠰᠢᠭᠤᠨ ᠤ 73 ᠡᠷᠦᠬᠡ ︵ᠤᠳᠠᠭ᠎ᠠ︶ ᠠᠵᠤ ᠠᠬᠤᠶᠢᠯᠠᠯ ᠳᠤ  ᠪᠠᠶᠢᠴᠠᠭᠠᠯᠳᠠ ᠬᠢᠵᠦ᠂  ᠭᠡᠮ ᠰᠤᠭᠤᠭ ᠤᠨ ᠠᠰᠠᠭᠤᠳᠠᠯ 22 ᠶᠢ ᠪᠠᠶᠢᠴᠠᠭᠠᠨ ᠢᠯᠡᠷᠡᠬᠦᠯᠦᠭᠰᠡᠨ ᠪᠦᠬᠡᠳ ᠴᠡᠭᠴᠡᠯᠡᠨ ᠰᠠᠶᠢᠵᠢᠷᠠᠭᠤᠯᠵᠠᠢ᠃   ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠬᠦ ᠶᠢᠨ ᠲᠦᠯᠦᠬᠡ᠂  ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠨᠢ  ᠠᠵᠤ ᠠᠬᠤᠶᠢᠯᠠᠯ ᠢ ᠱᠠᠭᠠᠷᠳᠠᠨ ᠪᠠᠶᠢᠴᠠᠭᠠᠬᠤ ᠪᠠᠨ ᠴᠢᠩᠭᠠᠳᠬᠠᠵᠤ᠂   ᠬᠠᠯᠠᠭᠤᠨ ᠢ ᠬᠡᠮᠵᠢᠬᠦ᠂  ᠺᠤᠳ᠋ ᠰᠢᠯᠭᠠᠬᠤ᠂   ᠠᠮᠠᠪᠴᠢ ᠵᠡᠬᠦᠬᠦ᠂  ᠰᠠᠯᠬᠢ ᠨᠡᠪᠳᠡᠷᠡᠬᠦᠯᠬᠦ᠂ ᠠᠷᠢᠭᠤᠳᠬᠠᠯ ᠬᠢᠬᠦ ᠵᠡᠷᠭᠡ ︽ᠬᠠᠳᠠᠭᠤ︾ ᠱᠠᠭᠠᠷᠳᠠᠯᠭ᠎ᠠ ᠶᠢ  ᠡᠷᠡᠰ  ᠨᠠᠶᠢᠳᠠᠪᠤᠷᠢᠵᠢᠭᠤᠯᠬᠤ ᠶᠢᠨ ᠬᠠᠮᠳᠤ᠂  ᠡᠯ᠎ᠡ ᠲᠦᠷᠦᠯ ᠤᠨ ᠢᠳᠡᠭᠡᠨ ᠤᠮᠳᠠᠭᠠᠨ ᠤ  ᠡᠬᠢ ᠰᠤᠷᠪᠤᠯᠵᠢ ᠶᠢᠨ ᠬᠠᠮᠢᠶᠠᠷᠤᠯᠳᠠ ᠶᠢ ᠴᠢᠩᠭᠠᠳᠬᠠᠵᠤ᠂   ᠮᠦᠷᠳᠡᠨ ᠪᠠᠶᠢᠴᠠᠭᠠᠬᠤ ᠰᠢᠰᠲ᠋ᠧᠮ ᠢ ᠲᠡᠬᠦᠯᠳᠡᠷᠵᠢᠬᠦᠯᠦᠨ᠂  ᠰᠡᠷᠭᠡᠶᠢᠯᠡᠨ ᠡᠵᠡᠮᠳᠡᠬᠦ ᠠᠵᠢᠯ   ᠤᠨ ᠵᠡᠷᠭᠡᠪᠡᠷ ᠠᠳᠬᠤᠵᠤ  ᠬᠠᠮᠳᠤᠪᠠᠷ ᠬᠠᠮᠢᠶᠠᠷᠬᠤ ᠭᠡᠪ ᠪᠠᠶᠢᠳᠠᠯ ᠢ ᠪᠤᠢ ᠪᠤᠯᠭᠠᠨ᠂  ᠠᠷᠠᠯᠵᠢᠶ᠎ᠠ  ᠬᠤᠳᠠᠯᠳᠤᠭᠠᠨ ᠤ ᠠᠵᠤ ᠠᠬᠤᠢ ᠶᠢᠨ ᠪᠦᠳᠦᠮᠵᠢᠳᠡᠢ ᠶᠠᠪᠤᠭᠳᠠᠬᠤ   ᠶᠢ ᠪᠠᠳᠤᠯᠠᠵᠤ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号