ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠳᠦᠬᠡᠯ ᠢ ᠪᠠᠬᠢᠵᠢᠬᠦᠯᠦᠨ | ᠦᠷᠭᠡᠳᠭᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠯᠠᠪᠳᠠᠭᠤᠨ ᠪᠠᠳᠤᠳᠠᠢ ᠪᠦᠬᠡᠳ ᠡᠮᠬᠢ | ᠵᠢᠷᠤᠮ ᠲᠠᠢ ᠠᠬᠢᠭᠤᠯᠬᠤ ᠶᠢᠨ ᠲᠦᠯᠦᠬᠡ᠂ ᠳ᠋ᠠ ᠭᠧ ᠳ᠋ᠦᠩ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ | ᠬᠢᠨ ᠡᠷᠦᠬᠡ ᠳᠤ ᠤᠷᠤᠵᠤ ᠪᠠᠶᠢᠴᠠᠭᠠᠨ ᠰᠤᠷᠪᠤᠯᠵᠢᠯᠠᠬᠤ ᠠᠵᠢᠯᠯᠠᠭ᠎ᠠ ᠶᠢ ᠪᠠᠶᠢᠩᠭᠤ ᠦᠷᠨᠢᠬᠦᠯᠦᠨ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠯᠳᠠ ᠪᠠ ᠬᠠᠪᠰᠤᠷᠤᠯᠭ᠎ᠠ ᠶᠢᠨ ᠲᠤᠭᠳᠠᠴᠠ ᠶᠢ ᠤᠯᠠᠮ ᠲᠡᠬᠦᠯᠳᠡᠷᠵᠢᠬᠦᠯᠵᠦ᠂ | ᠲᠤᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠰᠢᠨ᠎ᠡ ᠠᠶᠠᠨ ᠢᠶᠠᠨ ᠡᠬᠢᠯᠡᠬᠦᠯᠪᠡ᠃ ᠠᠵᠢᠯᠯᠠᠬᠤ | ᠠᠩᠬᠢ ᠶᠢᠨ ᠬᠢᠨ ᠠᠶᠢᠯ ᠡᠷᠦᠬᠡ ᠪᠠᠷ ᠲᠤᠭᠤᠷᠢᠬᠤ ᠪᠦᠷᠢ ᠲᠠᠷᠢᠶᠠᠴᠢᠳ ᠲᠠᠢ ᠰᠡᠳᠬᠢᠯ ᠤᠨ ᠦᠬᠡ ᠪᠠᠨ ᠲᠡᠯᠬᠡᠨ᠂ | ᠰᠠᠨᠠᠯ ᠪᠤᠳᠤᠯ ᠢ ᠨᠢ ᠰᠤᠨᠤᠰᠴᠤ᠂ ᠦᠢᠯᠡᠳᠪᠦᠷᠢᠯᠡᠯ ᠠᠮᠢᠳᠤᠷᠠᠯ᠂ ᠤᠷᠤᠯᠭ᠎ᠠ ᠵᠠᠷᠤᠯᠭ᠎ᠠ᠂ ᠤᠷᠤᠨ | ᠰᠠᠭᠤᠴᠠ᠂ ᠡᠮ ᠡᠮᠨᠡᠯᠬᠡ᠂ ᠰᠤᠷᠭᠠᠨ ᠬᠦᠮᠦᠵᠢᠯ ᠤᠨ ᠲᠠᠯᠠᠪᠠᠷ ᠬᠢ ᠪᠠᠶᠢᠳᠠᠯ ᠢ ᠨᠢ ᠤᠶᠢᠯᠠᠭᠠᠨ᠂ | ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠤᠮᠳᠠᠬᠢ ᠱᠠᠭᠠᠷᠳᠠᠯᠭ᠎ᠠ ᠭᠡᠷᠡᠭᠴᠡᠭᠡᠨ ᠳᠤ ᠬᠠᠨᠳᠤᠯᠭᠠᠳᠤ | ᠴᠢᠨᠠᠷᠳᠠᠢ ᠵᠠᠳᠠᠯᠤᠯᠳᠠ ᠬᠢᠭᠰᠡᠭᠡᠷ ᠢᠷᠡᠵᠡᠢ᠃ ᠳ᠋ᠠ ᠭᠧ ᠳ᠋ᠦᠩ ᠲᠤᠰᠬᠤᠨ ᠤ ᠲᠠᠷᠢᠶᠠᠴᠢᠨ ᠴᠧᠨ ᠱᠤ᠋ ᠮᠢᠩ ᠡᠨᠡ | ᠵᠢᠯ ᠤᠨ 7 ᠰᠠᠷ᠎ᠠ ᠳᠤ ᠠᠭᠤᠰᠬᠢᠨ ᠤ ᠬᠤᠤᠷᠳᠤ ᠬᠠᠪᠤᠳᠠᠷ ᠠᠴᠠ ᠪᠤᠯᠵᠤ ᠴᠡᠭᠡᠵᠢᠨ ᠳᠤᠨᠢ ᠤᠰᠤ ᠬᠤᠷᠠᠭᠰᠠᠨ | ᠢᠶᠠᠷ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠵᠤ᠂ ᠬᠠᠳᠠᠭᠠᠯᠠᠵᠤ ᠪᠠᠶᠢᠭᠰᠠᠨ ᠬᠡᠳᠦᠨ ᠮᠦᠩᠬᠦ ᠪᠠᠨ | ᠬᠠᠮᠤᠭᠠᠳ ᠵᠠᠷᠤᠴᠢᠬᠠᠭᠠᠳ ᠵᠠᠯᠭᠠᠭᠠᠳ ᠡᠪᠡᠳᠴᠢᠨ ᠢᠶᠠᠨ ᠦᠵᠡᠬᠦᠯᠬᠦ ᠳᠤ ᠬᠦᠴᠢᠷᠳᠡᠵᠦ ᠪᠠᠶᠢᠯ᠎ᠠ ᠃ ᠲᠤᠰᠬᠤᠨ | ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠲᠤᠭᠤᠷᠢᠨ ᠬᠦᠨᠵᠡᠬᠡᠶᠢᠷᠡᠬᠦ ᠶᠠᠪᠤᠴᠠ ᠳᠠᠭᠠᠨ ᠡᠨᠡᠬᠦ ᠪᠠᠶᠢᠳᠠᠯ ᠢ | ᠮᠡᠳᠡᠭᠰᠡᠨ ᠤ ᠲᠠᠷᠠᠭ᠎ᠠ ᠴᠠᠭ ᠲᠤᠬᠠᠢ ᠳᠤᠨᠢ ᠲᠤᠰᠬᠤᠨ ᠤ ᠨᠠᠮ ᠤᠨ ᠡᠬᠦᠷ᠂ ᠠᠷᠠᠳ ᠤᠨ ᠵᠦᠪᠯᠡᠯ ᠲᠠᠢ | ᠵᠦᠪᠳᠡᠯᠴᠡᠵᠦ᠂ ︽ᠨᠢᠬᠡ ᠨᠢ ᠭᠠᠴᠢᠭᠳᠠᠪᠠᠯ ᠨᠡᠶᠢᠳᠡ ᠪᠠᠷ ᠢᠶᠠᠨ ᠲᠤᠰᠠᠯᠠᠬᠤ︾ ᠤᠷᠢᠶᠠᠯᠠᠭ᠎ᠠ ᠶᠢ ᠲᠤᠷᠠᠳᠤᠨ᠂ | ᠬᠠᠨᠳᠢᠪ ᠴᠤᠭᠯᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠤ ᠶᠠᠪᠤᠭᠳᠠᠭᠤᠯᠵᠠᠢ᠃ ᠡᠶᠢᠨ ᠬᠦ᠋ ᠲᠤᠰᠬᠤᠨ ᠤ | ᠨᠠᠮ ᠤᠨ ᠭᠡᠰᠢᠬᠦᠳ ᠬᠠᠯᠠᠭᠤᠨ ᠭᠠᠷ ᠢᠶᠠᠨ ᠬᠠᠷᠠᠮ ᠦᠬᠡᠢ ᠰᠤᠩᠭᠠᠵᠠᠭᠠᠨ ᠂ ᠴᠧᠨ ᠱᠤ᠋ ᠮᠢᠩ ᠳᠤ 2650 | ᠲᠦᠬᠦᠷᠢᠭ ᠬᠠᠨᠳᠢᠪᠯᠠᠭᠰᠠᠨ ᠠᠴᠠ ᠭᠠᠳᠠᠨ᠎ᠠ᠂ ᠠᠵᠢᠯᠯᠠᠬᠤ ᠠᠩᠬᠢ ᠶᠢᠨ ᠬᠢᠨ ᠴᠧᠨ ᠱᠤ᠋ ᠮᠢᠩ ᠤᠨ ᠳᠤ 1.5 | ᠲᠤᠨ ᠨᠡᠬᠦᠷᠡᠰᠦ ᠬᠦᠷᠭᠡᠵᠦ ᠡᠪᠦᠯ ᠤᠨ ᠲᠤᠯᠠᠭᠠᠯᠠᠭ᠎ᠠ ᠶᠢ ᠨᠢ ᠪᠠᠳᠤᠯᠠᠭᠰᠠᠨ ᠪᠦᠬᠡᠳ ᠲᠤᠰᠬᠤᠨ ᠳᠤ ᠰᠠᠭᠤᠭ᠎ᠠ | ᠠᠵᠤ ᠠᠬᠤᠶᠢᠯᠠᠯ ᠲᠠᠢ ᠬᠠᠷᠢᠴᠠᠵᠤ ᠪᠠᠶᠢᠭᠠᠳ 1500 ᠲᠦᠬᠦᠷᠢᠭ ᠤᠨ ᠲᠤᠰᠠᠯᠠᠮᠵᠢ ᠤᠯᠭᠤᠵᠤ᠂ ᠬᠤᠰᠢᠭᠤᠨ | ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ 1500 ᠲᠦᠬᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ | ᠮᠦᠩᠬᠦ ᠡᠷᠡᠮᠡᠯᠵᠡᠯᠡᠨ ᠤᠯᠵᠤ ᠦᠭᠬᠦᠭᠰᠡᠨ ᠪᠠᠶᠢᠨ᠎ᠠ᠃ ᠤᠶᠢᠷ᠎ᠠ ᠳᠤ᠂ ᠠᠵᠢᠯᠯᠠᠬᠤ ᠠᠩᠬᠢ ᠶᠢᠨ ᠬᠢᠨ ᠲᠤᠰᠬᠤᠨ | ᠤ ᠤᠳᠤᠷᠢᠳᠤᠯᠭ᠎ᠠ ᠲᠠᠢ ᠬᠠᠮᠳᠤ ᠬᠠᠨᠳᠢᠪ ᠤᠨ ᠮᠦᠩᠬᠦ ᠶᠢ ᠲᠤᠭ᠎ᠠ ᠶᠤᠰᠤᠭᠠᠷ ᠨᠢ ᠴᠧᠨ ᠱᠤ᠋ ᠮᠢᠩ ᠳᠤ | ᠭᠠᠷᠳᠠᠭᠤᠯᠤᠭᠰᠠᠨ ᠤ ᠬᠠᠮᠳᠤ ᠭᠤᠯᠢᠷ᠂ ᠪᠤᠳᠠᠭ᠎ᠠ᠂ ᠲᠤᠰᠤ᠂ ᠰᠦ ᠵᠡᠷᠭᠡ ᠲᠤᠬᠤᠨᠢᠭᠤᠯᠭ᠎ᠠ ᠶᠢᠨ ᠪᠤᠳᠠᠰ ᠢ | ᠲᠡᠳᠡᠨ ᠤ ᠳᠤ ᠬᠦᠷᠭᠡᠵᠦ ᠤᠴᠢᠵᠠᠢ᠃ ︽ ᠴᠧᠨ ᠠᠬ᠎ᠠ ᠡ᠂ ᠰᠠᠨᠠᠭ᠎ᠠ ᠠᠮᠠᠷ ᠡᠪᠡᠳᠴᠢᠨ ᠢᠶᠠᠨ ᠰᠤᠪᠢᠯᠠᠭᠠᠷᠠᠢ | ᠂ ᠶᠠᠮᠠᠷ ᠬᠦᠴᠢᠷ ᠲᠤᠯᠠᠭᠠᠷᠭᠰᠠᠨ ᠴᠤ ᠤᠯᠠᠨ ᠢᠶᠠᠷ ᠢᠶᠠᠨ ᠠᠷᠭ᠎ᠠ ᠪᠤᠳᠤᠵᠤ ᠬᠠᠮᠳᠤ ᠳᠠᠭᠠᠨ ᠲᠤᠭᠤᠯᠵᠤ ᠭᠠᠷᠤᠨ᠎ᠠ | ᠰᠢᠦ ︾ ᠂ ᠨᠢᠬᠡᠳᠦᠭᠡᠷ ᠱᠦᠵᠢ ᠶᠢᠨ ᠬᠡᠳᠦᠬᠡᠨ ᠦᠬᠡ ᠨᠢ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠢᠯᠡᠳᠭᠡᠵᠦ᠂ | ᠴᠧᠨ ᠱᠤ᠋ ᠮᠢᠩ ᠤᠨ ᠰᠡᠳᠬᠢᠯ ᠵᠢᠷᠦᠬᠡ ᠶᠢ ᠲᠤᠭᠳᠤᠯᠤᠭᠤᠯᠵᠤ ᠭᠠᠷᠤᠯ᠎ᠠ᠃ ᠳ᠋ᠠ ᠭᠧ ᠳ᠋ᠦᠩ ᠲᠤᠰᠬᠤᠨ ᠤ | ᠠᠵᠢᠯᠯᠠᠬᠤ ᠠᠩᠬᠢ ᠪᠤᠯ ᠲᠠᠷᠤᠢ ᠪᠦᠬᠦ ᠲᠠᠶᠢᠹᠤᠰᠧ ᠶᠢᠨ 176 ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ | ᠠᠩᠬᠢ ᠶᠢᠨ ᠬᠤᠷᠢᠶᠠᠩᠭᠤᠢ ᠲᠦᠷᠢ ᠪᠤᠯᠤᠨ᠎ᠠ᠃ ᠲᠡᠳᠡ ᠦᠪᠡᠷ ᠤᠨ ᠭᠡᠷ ᠢᠶᠠᠨ ᠤᠮᠠᠷᠳᠠᠨ᠂ ᠦᠷᠦᠭᠡᠯ ᠤᠨ | ᠲᠦᠯᠦᠬᠡ ᠰᠠᠨᠠᠭᠠᠰᠢᠷᠠᠵᠤ᠂ ᠤᠷᠳᠤ ᠤᠳᠠᠭᠠᠨ ᠬᠤᠭᠤᠴᠠᠭ᠎ᠠ ᠪᠠᠷ ᠭᠠᠴᠠᠭ᠎ᠠ ᠲᠤᠰᠬᠤᠨ ᠳᠤ ᠬᠦᠨᠵᠡᠬᠡᠶᠢᠷᠡᠨ᠂ | ᠠᠷᠠᠳ ᠲᠦᠮᠡᠨ ᠢ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠳᠤ ᠪᠤᠳᠠᠳᠠᠢ ᠠᠵᠢᠯ ᠬᠢᠵᠦ᠂ ᠤᠯᠠᠨ | ᠲᠦᠮᠡᠨ ᠤ ︽ ᠶᠠᠭᠠᠷᠠᠵᠤ᠂ ᠵᠤᠪᠠᠵᠤ᠂ ᠬᠦᠴᠢᠷᠳᠡᠵᠦ᠂ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ | ᠠᠵᠤ ᠠᠬᠤᠢ ᠶᠢ ᠬᠦᠭᠵᠢᠬᠦᠯᠦᠨ ᠠᠰᠢᠭ ᠤᠷᠤᠯᠭ᠎ᠠ ᠶᠢ ᠨᠡᠮᠡᠭᠳᠡᠬᠦᠯᠵᠦ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠲᠠᠷᠳᠠᠩ ᠬᠠᠷᠭᠤᠢ ᠳᠤ ᠯᠠᠪᠳᠠᠭᠤᠨ ᠠᠯᠬᠤᠨᠠᠮ ᠃ |