2021 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠨᠦᠬᠦᠪᠦᠷᠢ ᠣᠯᠭᠤᠬᠤ ᠠᠷᠭ᠎ᠠ
ᠨᠡᠶᠢᠲᠡᠯᠡᠭᠰᠡᠨ ᠴᠠᠭ᠄
2021/2/27
   ᠮᠠᠨ ᠤ ᠠᠶᠢᠮᠠᠭ ᠤᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠳᠦᠭᠡᠯ ᠢ ᠤᠯᠠᠮ ᠨᠢᠭᠡ ᠠᠯᠬᠤᠮ ᠪᠠᠭᠢᠵᠢᠬᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠤᠯᠠᠳᠠ᠂ ᠠᠶᠢᠮᠠᠭ ᠤᠨ ᠵᠠᠬᠢᠷᠭ᠎ᠠ ᠠᠴᠠ 2021 ᠣᠨ ᠳᠤ ᠪᠦᠬᠦ ᠠᠶᠢᠮᠠᠭ ᠲᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠠᠵᠢᠯ ᠢ ᠦᠷᠬᠦᠯᠵᠢᠯᠡᠨ ᠥᠷᠨᠢᠬᠦᠯᠬᠦ ᠲᠤᠬᠠᠢ ᠰᠢᠢᠳᠪᠦᠷᠢ ᠲᠤᠭᠳᠠᠭᠠᠪᠠ᠃    ᠣᠷᠴᠢᠮ ᠤᠨ ᠡᠳᠦᠷ᠂ ︽2021 ᠣᠨ ᠤ ᠪᠦᠬᠦ ᠠᠶᠢᠮᠠᠭ ᠤᠨ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠠᠵᠢᠯ ᠤᠨ ᠬᠡᠷᠡᠭᠵᠢᠬᠦᠯᠬᠦ ᠲᠥᠰᠦᠯ ︾ ᠢ ᠨᠡᠶᠢᠳᠡᠯᠡᠵᠡᠢ᠃     ᠨᠢᠭᠡ᠂ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠬᠦᠷᠢᠶ᠎ᠡ ᠬᠡᠪᠴᠢᠶ᠎ᠡ ᠪᠦᠬᠦ ᠠᠶᠢᠮᠠᠭ ᠤᠨ 13 ᠬᠤᠰᠢᠭᠤ ᠰᠢᠶᠠᠨ ᠬᠤᠳᠠ ︵ᠲᠤᠭᠤᠷᠢᠭ︶ ᠶᠢᠨ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠣᠷᠤᠨ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠠᠷᠭ᠎ᠠ ᠠᠪᠴᠢᠯ ᠢ ᠪᠦᠬᠦ ᠲᠠᠯ᠎ᠠ ᠪᠠᠷ ᠬᠡᠷᠡᠭᠵᠢᠬᠦᠯᠵᠦ᠂ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠲᠠᠯᠠᠪᠠᠢ ᠨᠢ ᠨᠡᠶᠢᠲᠡ 22455.1 ᠲᠥᠮᠡᠨ ᠮᠦ ᠪᠤᠯᠤᠨ᠎ᠠ᠃ ᠡᠬᠦᠨ ᠳᠤ ᠦᠬᠡᠷ᠂ ᠬᠤᠨᠢ ︵ᠠᠳᠤᠭᠤ᠂ ᠲᠡᠮᠡᠭᠡ ᠶᠢ ᠪᠠᠭᠲᠠᠭᠠᠬᠤ ᠦᠬᠡᠢ︶ ᠶᠢ ᠪᠡᠯᠴᠢᠭᠡᠷᠯᠡᠬᠦᠯᠬᠦ ᠶᠢ ᠵᠤᠭᠰᠤᠭᠠᠨ᠎ᠠ᠃    ᠬᠤᠶᠠᠷ᠂ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠬᠤᠭᠤᠴᠠᠭ᠎ᠠ ᠪᠦᠬᠦ ᠠᠶᠢᠮᠠᠭ ᠤᠨ ᠨᠤᠲᠤᠭ ᠪᠡᠯᠴᠢᠭᠡᠷ ᠤᠨ ᠲᠥᠷᠦᠯ ᠵᠦᠢᠯ᠂ ᠲᠤᠨᠤᠳᠠᠰᠤᠨ ᠤ ᠬᠡᠮᠵᠢᠶ᠎ᠡ᠂ ᠠᠭᠤᠷ ᠠᠮᠢᠰᠬᠤᠯ ᠵᠢᠴᠢ ᠡᠪᠡᠰᠦᠨ ᠤ ᠤᠷᠭᠤᠯᠲᠠ ᠶᠢᠨ ᠣᠨᠴᠠᠯᠢᠭ ᠢ ᠦᠨᠳᠦᠰᠦᠯᠡᠵᠦ᠂ ᠬᠠᠪᠤᠷ ᠤᠨ ᠤᠯᠠᠷᠢᠯ ᠤᠨ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠴᠠᠭ ᠬᠤᠭᠤᠴᠠᠭ᠎ᠠ ᠶᠢ ᠵᠠᠷᠴᠢᠮ ᠲᠡᠭᠡᠷ᠎ᠡ ᠪᠠᠨ ᠡᠪᠡᠰᠦᠨ ᠤ ᠤᠷᠭᠤᠯᠲᠠ ᠶᠢᠨ ᠡᠮᠦᠨ᠎ᠡ ᠨᠢᠭᠡ ᠭᠠᠷᠠᠭ ᠠᠴᠠ ᠡᠬᠢᠯᠡᠬᠦᠯᠵᠦ᠂ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠬᠤᠭᠤᠴᠠᠭ᠎ᠠ ᠶᠢ 30 ᠡᠳᠦᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃    ᠭᠤᠷᠪᠠ᠂ ᠨᠦᠬᠦᠪᠦᠷᠢ ᠣᠯᠭᠤᠬᠤ ᠠᠷᠭ᠎ᠠ ᠪᠡᠯᠴᠢᠭᠡᠷᠯᠡᠬᠦᠯᠬᠦ ᠶᠢ ᠵᠤᠭᠰᠤᠭᠠᠬᠤ ᠮᠠᠯᠵᠢᠬᠤ ᠣᠷᠤᠨ ᠤ ᠵᠢᠯ ᠳᠤ ᠮᠦ ᠪᠦᠷᠢ ᠳᠤ 9 ᠲᠦᠭᠦᠷᠢᠭ ᠤᠨ ᠨᠦᠬᠦᠪᠦᠷᠢ ᠣᠯᠭᠤᠬᠤ ᠪᠠᠷᠢᠮᠵᠢᠶ᠎ᠠ ᠶᠢ ᠦᠨᠳᠦᠰᠦᠯᠡᠵᠦ᠂ ᠰᠠᠷ᠎ᠠ ᠪᠠᠷ ᠨᠢᠭᠡᠴᠢ ᠪᠣᠯᠭᠠᠨ ᠮᠦ ᠪᠦᠷᠢ ᠳᠤ 0.75 ᠲᠦᠭᠦᠷᠢᠭ ᠤᠨ ᠨᠦᠬᠦᠪᠦᠷᠢ ᠣᠯᠭᠤᠨ᠎ᠠ᠃ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠨᠤᠲᠤᠭ ᠪᠡᠯᠴᠢᠭᠡᠷ ᠤᠨ ᠲᠠᠯᠠᠪᠠᠢ ᠨᠡᠶᠢᠲᠡ 22455.1 ᠲᠥᠮᠡᠨ ᠮᠦ ᠪᠠᠶᠢᠵᠤ᠂ ᠪᠡᠯᠴᠢᠭᠡᠷ ᠰᠡᠷᠭᠦᠬᠡᠬᠦ ᠳᠤ ᠬᠡᠷᠡᠭᠰᠡᠬᠦ ᠨᠦᠬᠦᠪᠦᠷᠢ ᠶᠢᠨ ᠪᠡᠯᠡ ᠮᠦᠩᠭᠦ ᠨᠡᠶᠢᠲᠡ 16841.325 ᠲᠥᠮᠡᠨ ᠲᠦᠭᠦᠷᠢᠭ ᠪᠤᠯᠤᠨ᠎ᠠ᠃    ᠣᠳᠤ ᠠᠴᠠ ᠡᠬᠢᠯᠡᠨ 2021 ᠣᠨ ᠤ 3 ᠰᠠᠷ᠎ᠠ ᠪᠣᠯᠲᠠᠯ᠎ᠠ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠬᠡᠷᠯᠡᠬᠦᠯᠬᠦ ᠶᠢ ᠲᠦᠷ ᠵᠤᠬᠰᠤᠭᠠᠬᠤ ᠠᠵᠢᠯ ᠡᠮᠦᠨᠡᠬᠢ ᠬᠤᠭᠤᠴᠠᠭᠠᠨ ᠤ ᠪᠡᠯᠡᠳᠭᠡᠯ ᠱᠠᠳᠤᠨ ᠳᠤ ᠤᠷᠤᠵᠤ᠂ 2021 ᠣᠨ ᠤ 4 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠤᠯᠲᠠᠯ᠎ᠠ ᠪᠤᠳᠠᠲᠠᠢ ᠬᠡᠷᠡᠭᠵᠢᠬᠦᠯᠦᠭᠳᠡᠬᠦ ᠱᠠᠳᠤᠨ ᠳᠤ ᠤᠷᠤᠬᠤ ᠪᠣᠯᠣᠨ᠎ᠠ᠃  
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号