ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠢᠯᠠᠯᠲᠠ ᠤᠯᠤᠭᠰᠠᠨ | | ᠨᠠᠷᠢᠯᠢᠭ ᠣᠨᠣᠪᠴᠢᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠪᠴᠢᠲᠠᠶ ᠪᠠᠷ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠨᠢᠮᠪᠠᠢ ᠨᠠᠶᠢᠳᠠᠪᠤᠷᠢᠵᠢᠭᠤᠯᠵᠤ᠂ 556 ᠨᠡᠷ᠎ᠡ ᠠᠵᠢᠯᠯᠠᠬᠤ | ᠠᠩᠭᠢ ᠶᠢᠨ ᠭᠡᠰᠢᠭᠦᠨ ᠣᠷᠳᠣ ᠬᠤᠭᠤᠴᠠᠭ᠎ᠠ ᠪᠠᠷ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢᠶᠠᠨ | ᠦᠷᠨᠢᠬᠦᠯᠦᠨ᠂ 1943 ᠨᠡᠷ᠎ᠡ ᠠᠵᠢᠯᠳᠠᠨ ᠶᠠᠳᠠᠭᠤ ᠬᠦᠴᠢᠷᠳᠡᠯᠲᠡᠶ ᠡᠷᠦᠬᠡ ᠶᠢ ᠲᠠᠭᠠᠭᠠᠴᠢᠯᠠᠨ ᠲᠡᠳᠬᠦᠭᠰᠡᠨ | ᠪᠠᠶᠢᠨ᠎ᠠ᠃ ︽3 + 3 ︾ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠣᠭᠲᠠᠴᠠ ᠶᠢᠨ ᠰᠢᠨ᠎ᠡ ᠶᠢ ᠡᠭᠦᠳᠦᠨ | ᠭᠡᠷᠡᠭᠵᠢᠬᠦᠯᠵᠦ ᠂ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ ᠂ ᠡᠳ᠋ ᠬᠥᠷᠥᠩᠭᠡ ᠪᠠᠷ ᠢᠶᠠᠨ ᠠᠰᠢᠭ | ᠬᠦᠷᠳᠡᠬᠦ᠂ ᠦᠬᠡᠷ ᠬᠤᠨᠢ ᠨᠠᠶᠢᠳᠠᠵᠤ ᠮᠠᠯᠵᠢᠭᠤᠯᠬᠤ᠂ ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ | ᠪᠠᠶᠢᠭᠤᠯᠬᠤ᠂ ︽ᠲᠠᠭᠠᠭᠤᠯᠤᠭᠴᠢ ᠠᠵᠤ ᠠᠬᠤᠶᠢᠯᠠᠯ ᠤᠨ ᠠᠵᠢᠯ ᠣᠯᠭᠤᠯᠲᠠ + ᠠᠵᠤ ᠦᠶᠯᠡᠰ ᠤᠨ ᠰᠠᠭᠤᠷᠢᠨ | ᠭᠠᠵᠠᠷ ︾᠂ ︽ᠤᠨᠴᠠᠯᠢᠭᠳᠤ ᠲᠠᠷᠢᠶᠠᠯᠠᠩ ᠮᠠᠯᠵᠢᠯ + ᠬᠦᠷᠢᠶ᠎ᠡ ᠬᠠᠰᠢᠶᠠᠨ ᠤ ᠠᠵᠤ ᠠᠬᠤᠶ + ᠡᠯᠧᠺᠲᠷᠣᠨ | ᠬᠤᠳᠠᠯᠳᠤᠭ᠎ᠠ ︾ ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠳᠡᠳᠬᠦᠬᠦ ᠬᠠᠮᠳᠤᠷᠠᠯᠴᠠᠭ᠎ᠠ ᠵᠡᠷᠭᠡ 6 ᠵᠦᠶᠯ | ᠤᠨ ᠶᠠᠳᠠᠭᠤ ᠶᠢ ᠳᠡᠳᠬᠦᠬᠦ ᠬᠡᠯᠪᠡᠷᠢ ᠪᠠᠷ ᠲᠠᠮᠵᠢᠨ ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠠᠰᠢᠭ | ᠤᠷᠤᠯᠭ᠎ᠠ ᠶᠢᠨ ᠨᠡᠮᠡᠭᠳᠡᠯ ᠤᠨ ᠰᠠᠭᠤᠷᠢ ᠶᠢ ᠪᠠᠳᠤ ᠴᠤᠭᠴᠠᠯᠠᠪᠠ᠃《 ᠬᠤᠶᠠᠷ ᠲᠤ ᠦᠯᠦ ᠵᠣᠪᠠᠭ᠋ᠤ ᠂ ᠭᠤᠷᠪᠠ ᠶᠢ | ᠵᠠᠪᠠᠯ ᠪᠠᠲᠤᠯᠠᠬᠤ 》 ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 《 ᠠᠷᠪᠠ ᠶᠢ ᠪᠠᠷᠢᠮᠵᠢᠶ᠎ᠠ | ᠳᠤ ᠬᠦᠷᠭᠡᠬᠦ 》 ᠵᠡᠷᠭᠡ ᠲᠤᠰᠬᠠᠢ ᠲᠦᠷᠦᠯ ᠤᠨ ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠂ ᠣᠷᠣᠨ ᠰᠠᠭᠤᠴᠠ᠂ | ᠤᠰᠤ ᠤᠮᠳᠠ ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠶᠢᠨ ᠪᠥᠬᠦ ᠲᠠᠯ᠎ᠠ ᠶᠢᠨ | ᠪᠠᠲᠤᠯᠠᠭ᠎ᠠ ᠶᠢ ᠪᠡᠶᠡᠯᠡᠭᠦᠯᠪᠡ᠃ ᠨᠡᠶᠢᠲᠡ 2 .03 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ | ᠮᠥᠩᠭᠦ ᠣᠷᠣᠭᠤᠯᠵᠤ᠂ 12 . 04 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢ ᠪᠤᠢ ᠪᠤᠯᠭᠠᠵᠠᠢ ᠂ | ᠡᠭᠦᠨ ᠳᠤ ᠡᠷᠦᠬᠡ ᠳᠤ ᠬᠦᠷᠦᠭᠰᠡᠨ ᠬᠥᠷᠥᠩᠭᠡ 4 . 74 ᠳ᠋ᠦᠩᠰᠢᠭᠤᠷ ᠲᠥᠭᠦᠷᠢᠭ᠂ ᠨᠡᠶᠢᠲᠡ ᠶᠢᠨ ᠠᠰᠠᠷᠠᠮᠵᠢ | ᠶᠢᠨ ᠲᠥᠷᠥᠯ ᠤᠨ ᠬᠥᠷᠥᠩᠭᠡ 2 . 8 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠲᠥᠷᠥᠯ ᠤᠨ ᠬᠥᠷᠥᠩᠭᠡ 4. | 5 ᠳ᠋ᠦᠩᠰᠢᠭᠤᠷ ᠲᠥᠭᠦᠷᠢᠭ ᠲᠤ ᠬᠦᠷᠪᠡ᠃ ᠳ᠋ᠧ ᠴᠢᠩ ᠶᠤᠸᠠᠨ ᠠᠯᠲᠠᠨ ᠲᠠᠬᠢᠶ᠎ᠠ᠂ 2 . 4 ᠲᠦᠮᠡᠨ ᠺᠢᠯᠣᠸᠠᠲ | ᠤᠨ ᠲᠦᠪᠯᠡᠷᠡᠮᠡᠯ ᠮᠠᠶ᠋ᠢᠭ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ᠂ 2.03 ᠲᠦᠮᠡᠨ ᠺᠢᠯᠣᠸᠠᠲ ᠤᠨ | ᠲᠣᠰᠬᠤᠨ ᠤ ᠲᠠᠰ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ᠂ 12 ᠰᠠᠭᠤᠷᠢ ᠶᠠᠳᠠᠭᠤ ᠶᠢ ᠲᠡᠳᠬᠦᠬᠦ | ᠦᠶᠯᠡᠳᠪᠦᠷᠢ ᠶᠢᠨ ᠲᠠᠰᠤᠭ ᠵᠢᠴᠢ ᠪᠤᠰᠤᠳ 17 ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠲᠥᠷᠥᠯ ᠤᠨ | ᠲᠥᠷᠥᠯ ᠵᠦᠶᠯ ᠨᠢ ᠵᠢᠯ ᠪᠦᠷᠢ 4000 ᠲᠦᠮᠡᠨ ᠲᠥᠭᠦᠷᠢᠭ ᠤᠨ ᠲᠣᠭᠲᠠᠭᠤᠨ ᠠᠰᠢᠭ ᠣᠯᠵᠠᠪᠤᠷᠢ ᠶᠢ | ᠪᠡᠶᠡᠯᠡᠬᠦᠯᠦᠭᠰᠡᠨ ᠪᠠᠶᠢᠨ᠎ᠠ᠃ ᠪᠥᠬᠦ ᠬᠤᠰᠢᠭᠤᠨ ᠤ 176 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ | ᠣᠷᠣᠯᠭ᠎ᠠ ᠪᠦᠬᠦᠨ ᠢᠶᠠᠷ ᠢᠶᠠᠨ 7 ᠲᠦᠮᠡᠨ ᠲᠥᠭᠦᠷᠢᠭ ᠢ ᠳᠠᠪᠠᠵᠤ᠂ 73 ᠭᠤᠤᠯᠳᠠᠯᠭ᠎ᠠ ᠲᠠᠢ ᠭᠠᠴᠠᠭ᠎ᠠ ᠲᠣᠰᠬᠤᠨ | ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠦᠬᠦᠨ ᠢᠶᠠᠷ ᠢᠶᠠᠨ 20 ᠲᠦᠮᠡᠨ ᠲᠥᠭᠦᠷᠢᠭ ᠢ ᠲᠠᠪᠠᠵᠠᠢ᠃ | ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠯᠳᠠ ᠪᠠ ᠤᠯᠤᠰ ᠤᠨ ᠨᠡᠶᠢᠳᠡᠮ ᠪᠠᠶᠢᠴᠠᠭᠠᠯᠳᠠ ᠶᠢ ᠠᠮᠵᠢᠯᠳᠠᠳᠠᠢ | ᠦᠩᠭᠡᠷᠡᠭᠡᠵᠦ ᠂ 9960 ᠡᠷᠦᠬᠡ ᠂ 20837 ᠶᠠᠳᠠᠭᠤ ᠬᠦᠴᠢᠷᠳᠡᠯᠲᠡᠶ ᠬᠥᠮᠦᠨ ᠠᠮᠠ᠂ 73 ᠶᠠᠳᠠᠭᠤ | ᠬᠦᠴᠢᠷᠳᠡᠯᠲᠡᠶ ᠲᠣᠰᠬᠤᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠵᠤ᠂ 25 ᠵᠢᠯ ᠤᠨ ᠤᠯᠤᠰ ᠤᠨ ᠲᠠᠰ | ᠤᠨ ᠶᠠᠳᠠᠭᠤ ᠬᠦᠴᠢᠷᠳᠡᠯᠲᠡᠶ ᠬᠤᠰᠢᠭᠤ ᠶᠢᠨ ᠮᠠᠯᠠᠭᠠᠶ ᠪᠠᠨ ᠠᠪᠴᠤ ᠬᠠᠶᠠᠯ᠎ᠠ᠃ ᠴᠢᠶᠠᠨ ᠶᠢᠨ ᠭᠸᠤ ᠪᠠᠯᠭᠠᠰᠤ ᠪᠦᠬᠦ | ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠷᠢᠭᠦᠨ ᠤ ᠬᠠᠮᠲᠤ ᠶᠢᠨ | ᠢᠷᠠᠭᠤ ᠠᠯᠳᠠᠷ ᠢ ᠬᠦᠷᠳᠡᠵᠤ᠂ ᠪᠣᠤᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠤ ᠨᠠᠮ ᠤᠨ ᠡᠭᠦᠷ ᠤᠨ | ᠱᠦᠵᠢ ᠸᠠᠩ ᠸᠧᠨ ᠴᠧᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ︽ᠤᠷᠤᠭᠰᠢᠯᠠᠯᠲᠠ︾ ᠱᠠᠩᠨᠠᠯ ᠢ ᠲᠤᠰᠴᠤ᠂ ᠴᠢᠶᠠᠨ ᠶᠢᠨ ᠭᠸᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ | ᠱᠦᠵᠢ ᠼᠠᠢ ᠬᠦᠶ ᠯᠢᠨ ᠥᠪᠡᠷᠲᠡᠭᠡᠨ ᠵᠠᠰᠠᠬᠤ ᠣᠷᠣᠨ ᠤ 《 5.1 》 ᠬᠦᠳᠡᠯᠮᠦᠷᠢᠴᠢᠳ ᠤᠨ ᠮᠧᠳᠠᠯ ᠢ | ᠲᠤᠰᠤᠭᠰᠠᠨ ᠪᠠᠶᠢᠨ᠎ᠠ᠃ |