︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠭᠤᠷᠪᠠ
ᠨᠡᠶᠢᠲᠡᠯᠡᠭᠰᠡᠨ ᠴᠠᠭ᠄
2021/3/16
           ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠦᠷᠭᠦᠯᠵᠢᠯᠡᠨ ᠴᠢᠩᠭᠠᠷᠠᠭᠰᠠᠨ      ᠠᠭᠠᠷ᠂ ᠤᠰᠤ᠂ ᠬᠦᠷᠦᠰᠦᠨ ᠤ ᠬᠠᠮᠠᠭᠠᠯᠠᠯᠳᠠ ᠶᠢᠨ ᠳᠠᠶᠢᠯᠠᠯᠳᠤᠭᠠᠨ ᠢ ᠦᠷᠭᠦᠯᠵᠢᠯᠡᠨ ᠦᠷᠨᠢᠬᠦᠯᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠭᠠᠷᠳᠠᠨ  ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ   ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃  10  ᠲᠤᠨ  ᠪᠠ ᠲᠡᠬᠦᠨ ᠠᠴᠠ ᠪᠠᠭ᠎ᠠ ᠬᠡᠮᠵᠢᠶ᠎ᠡ ᠲᠠᠢ ᠨᠡᠭᠦᠷᠡᠰᠦ ᠰᠢᠲᠠᠭᠠᠬᠤ ᠵᠤᠤᠬ᠎ᠠ  21 ᠶᠢ ᠰᠢᠭᠰᠢᠭᠳᠡᠭᠦᠯᠵᠦ᠂ ᠠᠭᠠᠷ ᠤᠨ  ᠴᠢᠨᠰᠠᠭᠠᠨ ᠤ  ᠰᠢᠯᠢᠳᠡᠭᠵᠢᠯ ᠤᠨ ᠨᠣᠷᠮ᠎ᠠ 95.6 % ᠳᠤ  ᠬᠦᠷᠴᠡᠢ᠃  ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂  ᠤᠤᠭᠤᠬᠤ ᠤᠰᠤᠨ ᠤ ᠡᠬᠢ ᠰᠤᠷᠪᠤᠯᠵᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ  ᠢ  ᠴᠢᠩᠭᠠᠷᠠᠭᠤᠯᠪᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ 《 ᠳᠥᠷᠪᠡ ᠶᠢ  ᠡᠵᠡᠮᠳᠡᠬᠦ 》 ᠠᠷᠭ᠎ᠠ ᠠᠪᠴᠢᠯ ᠢ ᠴᠢᠩᠭ᠎ᠠ ᠨᠠᠶᠢᠳᠠᠪᠤᠷᠢᠵᠢᠭᠤᠯᠤᠨ᠂ ᠭᠤᠤᠯ ᠪᠣᠯᠬᠤ ᠲᠠᠷᠢᠮᠠᠯ ᠳᠤ ᠬᠢᠮᠢ ᠶᠢᠨ ᠪᠣᠷᠲᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠦᠷᠬᠦᠯᠵᠢᠯᠡᠨ ᠪᠠᠭᠠᠰᠬᠠᠪᠠ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠶᠯ ᠢ   ᠭᠡᠷᠡᠭᠵᠢᠬᠦᠯᠵᠦ᠂ ᠢᠯᠭᠠᠳᠠᠰᠤ ᠶᠢᠨ ᠪᠣᠬᠢᠷᠲᠤᠯ ᠢ ᠰᠢᠶᠳᠪᠦᠷᠢᠯᠡᠬᠦ ᠲᠣᠨᠤᠭ ᠲᠥᠬᠦᠭᠡᠷᠦᠮᠵᠢ ᠶᠢᠨ ᠢᠵᠢ  ᠪᠦᠷᠢᠳᠦᠯ ᠤᠨ ᠨᠣᠷᠮ᠎ᠠ  ᠪᠠ  ᠶᠡᠷᠦᠩᠬᠡᠶᠢᠯᠡᠨ ᠠᠰᠢᠭᠯᠠᠬᠤ ᠨᠣᠷᠮ᠎ᠠ ᠮᠡᠳᠡᠭᠳᠡᠬᠦᠶᠢᠴᠡ ᠨᠡᠮᠡᠭᠳᠡᠭᠰᠡᠨ ᠪᠠᠶᠢᠨ᠎ᠠ᠃  ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ  ᠶᠢᠨ ᠪᠣᠳᠣᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠪᠠ᠃  《 ᠤᠢ ᠮᠤᠳᠤᠨ ᠤ ᠲᠠᠷᠤᠭ᠎ᠠ   ᠶᠢᠨ ᠲᠦᠷᠢᠮ︾  ᠢ ᠨᠢᠮᠪᠠᠢ  ᠭᠡᠷᠡᠭᠵᠢᠬᠦᠯᠦᠨ  ᠂ 21.6 ᠲᠦᠮᠡᠨ ᠮᠦ ᠭᠤᠣᠯᠳᠠᠯᠭ᠎ᠠ ᠲᠠᠢ ᠣᠢ ᠰᠢᠭᠤᠢ ᠶᠢᠨ ᠢᠨᠵᠧᠨᠧᠷᠢᠩ ᠢ  ᠪᠡᠶᠡᠯᠡᠬᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠪᠠ ᠣᠢ ᠰᠢᠭᠤᠢ  ᠶᠢᠨ ᠪᠦᠷᠬᠦᠴᠡ ᠶᠢᠨ ᠨᠣᠷᠮ᠎ᠠ《 ᠬᠤᠣᠰ ᠳᠡᠭᠡᠭᠰᠢᠯᠡᠯᠲᠡ 》 ᠲᠠᠢ ᠪᠤᠯᠪᠠ  ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号