︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠲᠠᠪᠤ
ᠨᠡᠶᠢᠲᠡᠯᠡᠭᠰᠡᠨ ᠴᠠᠭ᠄
2021/3/16
 ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠲᠦᠪᠰᠢᠨ ᠢᠯᠡᠳᠲᠡ ᠲᠡᠭᠡᠭᠰᠢᠯᠡᠭᠰᠡᠨ       ᠪᠦᠬᠦ ᠠᠶᠢᠮᠠᠭ ᠤᠨ《 ᠬᠤᠨᠢ ᠶᠢ ᠴᠥᠭᠡᠳᠬᠡᠨ ᠦᠬᠡᠷ ᠢ ᠦᠰᠭᠡᠬᠦ》 ᠠᠵᠢᠯ ᠤᠨ ᠪᠠᠶᠢᠷᠢᠯᠠᠭᠤᠯᠤᠯᠲᠠ ᠪᠠ 《 ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ 》 ᠬᠥᠭᠵᠢᠯᠲᠡ ᠶᠢᠨ ᠰᠡᠳᠬᠢᠴᠡ ᠶᠢ  ᠨᠢᠮᠪᠠᠢ ᠨᠠᠶᠢᠳᠠᠪᠤᠷᠢᠵᠢᠭᠤᠯᠵᠤ  ᠂ ᠲᠠᠪᠤᠨ ᠵᠢᠯ ᠳᠤ 21 . 6 ᠲᠦᠮᠡᠨ ᠬᠤᠨᠢ ᠶᠢ  ᠴᠦᠬᠡᠳᠬᠡᠨ  ᠂  ᠰᠠᠶᠢᠨ ᠡᠭᠦᠯᠳᠡᠷ ᠤᠨ ᠮᠢᠬᠠᠨ ᠤ ᠦᠬᠡᠷ ᠤᠨ ᠲᠤᠭ᠎ᠠ ᠲᠣᠯᠣᠭᠠᠢ  12 ᠲᠦᠮᠡ ᠳᠤ  ᠬᠦᠷᠴᠦ᠂ 《 ᠭᠤᠷᠪᠠᠨ ᠨᠣᠭᠤᠭᠠᠨ 》 ᠲᠠᠷᠢᠮᠠᠯ ᠤᠨ ᠲᠠᠯᠠᠪᠠᠢ  12 . 8 ᠲᠦᠮᠡᠨ ᠮᠦ ᠨᠡᠮᠡᠭᠳᠡᠵᠦ᠂ ᠮᠠᠯᠴᠢᠨ ᠲᠠᠷᠢᠶᠠᠴᠢᠨ ᠤ ᠮᠠᠯ ᠠᠵᠤ ᠠᠬᠤᠢ ᠶᠢᠨ ᠣᠷᠣᠯᠭ᠎ᠠ ᠶᠢᠨ  ᠡᠵᠡᠯᠡᠬᠦ ᠬᠠᠷᠢᠴᠠᠯ  21 ᠵᠠᠭᠤᠨ ᠤ ᠬᠤᠪᠢ ᠶᠢᠨ ᠴᠡᠭ ᠲᠡᠭᠡᠭᠰᠢᠯᠡᠵᠡᠢ᠃ 《 ᠲᠠᠭᠠᠭᠤᠯᠤᠭᠴᠢ ᠠᠵᠤ ᠠᠬᠤᠶᠢᠯᠠᠯ + ᠰᠠᠭᠤᠷᠢᠨ ᠭᠠᠵᠠᠷ 》 ᠮᠠᠶ᠋ᠢᠭ ᠤᠨ ᠠᠵᠤ  ᠦᠢᠯᠡᠵᠢᠭᠰᠡᠨ ᠠᠵᠤ ᠠᠬᠤᠶ ᠶᠢ ᠶᠡᠬᠡᠪᠡᠷ  ᠬᠦᠭᠵᠢᠬᠦᠯᠵᠦ᠂  7 ᠦᠶᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠬᠡᠯᠬᠢᠶᠡᠰᠦ ᠠᠩᠬ᠎ᠠ ᠠᠯᠬᠤᠮ ᠭᠡᠪᠴᠢᠶᠡᠵᠢᠭᠡᠳ᠂ ᠬᠤᠩ ᠵᠢᠩ ᠶᠤᠸᠠᠨ ᠲᠤᠰᠤᠨ ᠤ ᠦᠢᠯᠡᠰ ᠢᠶᠠᠷ  7.5 ᠲᠦᠮᠡᠨ ᠮᠥ ᠴᠢᠨᠠᠷ ᠬᠤᠮᠠ ᠲᠠᠷᠢᠬᠤ ᠶᠢ ᠳᠠᠶᠢᠴᠢᠯᠠᠵᠤ᠂ ᠭᠧ  ᠷᠦᠢ  ᠳ᠋ᠧ ᠲᠦᠮᠦᠰᠦᠨ ᠤ ᠦᠶᠯᠡᠰ ᠢᠶᠠᠷ  5  ᠲᠦᠮᠡᠨ ᠮᠥ ᠲᠦᠮᠦᠰᠦ ᠲᠠᠷᠢᠬᠤ ᠶᠢ  ᠲᠠᠶᠢᠴᠢᠯᠠᠨ  ᠂ ᠪᠠᠶ ᠬᠤᠶ ᠱᠧᠩ ᠰᠢᠬᠢᠷ ᠤᠨ ᠦᠶᠯᠡᠰ ᠢᠶᠠᠷ   8.6 ᠲᠦᠮᠡᠨ ᠮᠥ ᠰᠢᠬᠢᠷ ᠯᠤᠤᠪᠠᠩ ᠲᠠᠷᠢᠬᠤ ᠶᠢ ᠳᠠᠶᠢᠴᠢᠯᠠᠵᠤ᠂ ᠱᠧᠩ ᠲᠠᠢ ᠡᠮ ᠤᠨ ᠦᠶᠯᠡᠰ ᠢᠶᠠᠷ 1 ᠲᠦᠮᠡᠨ ᠮᠥ  ᠡᠪᠡᠰᠦᠨ ᠡᠮ ᠲᠠᠷᠢᠬᠤ ᠶᠢ  ᠲᠠᠶᠢᠴᠢᠯᠠᠨ᠂ ᠬᠤᠸᠠ ᠱᠧᠩ  ᠪᠣᠬᠢᠷᠲᠤᠯ ᠥᠬᠡᠶ ᠡᠨᠧᠷᠭᠢ ᠶᠢᠨ  ᠠᠵᠤ ᠦᠢᠯᠡᠰ ᠢᠶᠠᠷ 5 ᠲᠦᠮᠡᠨ ᠮᠥ  ᠵᠢᠮᠢᠰ ᠨᠣᠭᠤᠭ᠎ᠠ ᠲᠠᠷᠢᠬᠤ  ᠶᠢ ᠲᠠᠶᠢᠴᠢᠯᠠᠵᠤ᠂  ᠿᠢ ᠱᠧᠩ ᠴᠠᠩ  ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠦᠢᠯᠡᠰ ᠢᠶᠠᠷ 10 ᠲᠦᠮᠡᠨ ᠮᠤ᠋ ᠨᠠᠷᠠᠨ ᠬᠤᠸᠠᠷ ᠲᠠᠷᠢᠬᠤ ᠶᠢ ᠲᠠᠶᠢᠴᠢᠯᠠᠪᠠ᠃  ᠡᠦ ᠹᠧᠩ ᠺᠤᠮᠫᠠᠨᠢ ᠶᠢᠨ 2000  ᠦᠬᠡᠷ ᠤᠨ ᠭᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠢ ᠠᠰᠢᠭᠯᠠᠯᠲᠠ ᠳᠤ ᠣᠷᠣᠵᠤ᠂ 2000  ᠦᠬᠡᠷ   ᠤᠨ ᠭᠡᠪᠴᠢᠶ᠎ᠠ ᠲᠠᠢ ᠪᠣᠷᠳᠣᠨ ᠲᠠᠷᠭᠤᠯᠠᠭᠤᠯᠬᠤ ᠦᠢᠯᠡᠳᠪᠦᠷᠢ  2 ᠢ ᠪᠠᠶᠢᠭᠤᠯᠤᠭᠠᠳ᠂ 15 ᠡᠷᠦᠬᠡ ᠲᠠᠢ ᠵᠠᠭᠤ ᠠᠴᠠ ᠲᠡᠭᠡᠭᠰᠢ ᠦᠬᠡᠷ ᠮᠠᠯᠵᠢᠬᠤ ᠭᠡᠷ᠎ᠡ ᠲᠣᠭᠲᠠᠪᠠ᠃ ᠲᠠᠷᠢᠶᠠᠯᠠᠩ ᠮᠠᠯᠵᠢᠯ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭ᠎ᠠ ᠡᠳᠦᠷ ᠢᠷᠡᠬᠦᠶ᠎ᠡ ᠨᠢᠭᠲᠠᠷᠠᠵᠤ᠂ ᠲᠠᠷᠢᠵᠤ  ᠮᠠᠯᠵᠢᠬᠤ ᠦᠢᠯᠡᠰ ᠤᠨ  ᠭᠡᠪᠴᠢᠶᠡᠵᠢᠭᠰᠡᠨ  ᠮᠠᠰᠢᠨᠴᠢᠯᠠᠭᠰᠠᠨ ᠵᠣᠬᠢᠶᠠᠨ ᠪᠠᠶᠢᠭᠤᠯᠤᠯᠵᠢᠭᠰᠠᠨ  ᠪᠣᠬᠢᠷᠲᠤᠯ ᠦᠬᠡᠶᠢᠵᠢᠭᠰᠡᠨ  ᠬᠢᠷᠢ ᠲᠦᠪᠰᠢᠨ ᠲᠠᠰᠤᠷᠠᠯᠲᠠ ᠥᠬᠡᠶ  ᠲᠡᠭᠡᠭᠰᠢᠯᠡᠵᠡᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号