︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠵᠢᠷᠭᠤᠭ᠎ᠠ
ᠨᠡᠶᠢᠲᠡᠯᠡᠭᠰᠡᠨ ᠴᠠᠭ᠄
2021/3/16
ᠠᠵᠤ ᠦᠶᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠬᠦᠨᠵᠡᠬᠡᠢ ᠠᠬᠢᠭᠰᠠᠨ     ᠠᠷᠠᠯᠵᠢᠶᠠᠴᠢᠨ ᠤᠷᠢᠬᠤ᠂ ᠠᠵᠤ ᠦᠢᠯᠡᠰ ᠪᠣᠶᠢᠵᠢᠭᠤᠯᠬᠤ ᠶᠢ ᠪᠦᠬᠦ ᠬᠦᠴᠦᠨ ᠢᠶᠠᠷ ᠠᠳᠬᠤᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡᠭ ᠣᠷᠣᠭᠤᠯᠤᠯᠲᠠ ᠲᠠᠢ ᠭᠤᠣᠯᠳᠠᠯᠭ᠎ᠠ ᠲᠠᠢ ᠲᠥᠷᠥᠯ ᠵᠦᠢᠯ 19 ᠶᠢ  ᠤᠷᠤᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 16 ᠪᠤᠯᠵᠤ᠂  ᠠᠵᠤ ᠦᠢᠯᠡᠳᠪᠦᠷᠢ ᠶᠢᠨ ᠭᠠᠶᠢᠯᠢ ᠶᠢᠨ ᠬᠤᠷᠢᠶᠠᠯᠳᠠ ᠶᠢᠨ ᠡᠵᠡᠯᠡᠬᠦ ᠬᠠᠷᠢᠴᠠᠯ 45 % ᠶᠢ ᠳᠠᠪᠠᠪᠠ᠃ ᠲᠠᠯ᠎ᠠ ᠨᠤᠲᠤᠭ ᠠᠷᠢᠬᠢᠨ ᠦᠢᠯᠡᠳᠪᠦᠷᠢ᠂ ᠬᠤᠩ ᠵᠢᠩ ᠶᠤᠸᠠᠨ ᠲᠤᠰᠤᠨ ᠤ ᠦᠢᠯᠡᠳᠪᠦᠷᠢ ᠶᠢ ᠨᠡᠭᠦᠯᠭᠡᠨ ᠥᠷᠭᠡᠳᠬᠡᠬᠦ ᠥᠭᠡᠷᠡᠴᠢᠯᠡᠯᠲᠡ ᠤᠷᠤᠭᠰᠢᠲᠠᠶ  ᠪᠡᠶᠡᠯᠡᠭᠳᠡᠵᠦ᠂  ᠦᠢᠯᠡᠳᠪᠦᠷᠢᠯᠡᠯ ᠤᠨ ᠴᠢᠳᠠᠪᠤᠷᠢ᠂ ᠮᠡᠷᠭᠡᠵᠢᠯ ᠲᠣᠨᠣᠭᠯᠠᠯ   ᠤᠨ ᠬᠢᠷᠢ  ᠲᠦᠪᠰᠢᠨ᠂ ᠦᠶᠯᠡᠳᠬᠦᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠡᠬᠡᠪᠡᠷ ᠲᠡᠭᠡᠭᠰᠢᠯᠡᠵᠡᠢ᠃   ᠡᠤ  ᠹᠧᠩ ᠺᠤᠮᠫᠠᠨᠢ  10 ᠲᠦᠮᠡᠨ  ᠰᠠᠶᠢᠨ ᠡᠭᠦᠯᠳᠡᠷ ᠤᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠱᠤᠭᠤᠮ ᠢ ᠲᠤᠷᠰᠢᠨ ᠠᠵᠢᠯᠯᠠᠭᠤᠯᠵᠤ᠂  ᠳ᠋ᠧ ᠴᠢᠩ ᠶᠤᠸᠠᠨ ᠺᠤᠮᠫᠠᠨᠢ ᠡᠳᠦᠷ ᠲᠤ 180 ᠲᠦᠮᠡᠨ ᠦᠨᠳᠡᠭᠡᠨ ᠤ ᠬᠤᠷᠢᠶᠠᠯᠳᠠ ᠲᠠᠢ ᠪᠤᠯᠵᠤ᠂ ᠪᠠᠢ ᠬᠤᠢ ᠱᠧᠩ  ᠺᠤᠮᠫᠠᠨᠢ 12 ᠲᠦᠮᠡᠨ ᠲᠣᠨ ᠴᠠᠭᠠᠨ ᠰᠢᠬᠢᠷ  ᠦᠢᠯᠡᠳᠪᠦᠷᠢᠯᠡᠨ᠂  ᠦᠢᠯᠡᠳᠪᠦᠷᠢᠯᠡᠯ   ᠤᠨ ᠥᠷᠲᠡᠭ ᠨᠢ 7 ᠳ᠋ᠦᠩᠰᠢᠭᠤᠷ ᠲᠥᠭᠦᠷᠢᠭ ᠲᠠᠪᠠᠵᠠᠢ᠃  ᠱᠧᠩ ᠲᠠᠢ ᠡᠯ ᠺᠤᠮᠫᠠᠨᠢ ᠵᠢᠯ ᠳᠤ 3 ᠲᠦᠮᠡᠨ ᠲᠣᠨ ᠲᠡᠵᠢᠭᠡᠯ ᠪᠣᠷᠳᠣᠭᠠᠨ ᠤ ᠨᠡᠮᠡᠯᠲᠡ ᠡᠳ᠋  ᠪᠤᠯᠪᠠᠰᠤᠷᠠᠭᠤᠯᠬᠤ ᠴᠢᠳᠠᠮᠵᠢ ᠲᠠᠢ ᠪᠤᠯᠵᠤ᠂ 3 ᠳ᠋ᠦᠩᠰᠢᠭᠤᠷ ᠲᠥᠭᠦᠷᠢᠭ  ᠦᠢᠯᠡᠳᠪᠦᠷᠢᠯᠡᠯ ᠤᠨ ᠥᠷᠲᠡᠭ  ᠪᠡᠶᠡᠯᠡᠬᠦᠯᠦᠨ᠂  ᠴᠠᠭᠠᠰᠤ ᠰᠦᠯᠢᠶᠣᠣ  ᠶᠢᠨ ᠠᠵᠤ ᠦᠢᠯᠡᠰ ᠤᠨ ᠬᠦᠷᠢᠶᠡᠯᠡᠩ   ᠳᠠᠬᠢ 12 ᠠᠵᠤ ᠠᠬᠤᠶᠢᠯᠠᠯ ᠤᠨ ᠦᠢᠯᠡᠳᠪᠦᠷᠢᠯᠡᠯ ᠲᠣᠭᠲᠠᠭᠤᠨ ᠢᠶᠠᠷ  ᠶᠠᠪᠤᠭᠳᠠᠵᠤ᠂ ᠵᠢᠯ ᠤᠨ ᠦᠢᠯᠡᠳᠪᠦᠷᠢᠯᠡᠯ ᠤᠨ ᠥᠷᠲᠡᠭ 1.5 ᠳ᠋ᠦᠩᠰᠢᠭᠤᠷ ᠲᠥᠭᠦᠷᠢᠭ  ᠲᠠᠪᠠᠵᠠᠢ᠃ ᠵᠢᠯ ᠳᠤ 66 ᠳ᠋ᠦᠩᠰᠢᠭᠤᠷ ᠺᠠᠷᠠᠲ  ᠬᠢᠮᠡᠯ ᠠᠯᠮᠠᠰ ᠦᠢᠯᠡᠳᠪᠦᠷᠢᠯᠡᠬᠦ ᠲᠥᠷᠥᠯ ᠵᠦᠢᠯ   ᠨᠢ 10 ᠲᠦᠮᠡᠨ  ᠬᠠᠪᠳᠠᠭᠠᠢ ᠳᠥᠷᠪᠡᠯᠵᠢᠨ ᠮᠧᠲᠷ ᠤᠨ ᠦᠶᠯᠡᠳᠪᠦᠷᠢ ᠶᠢᠨ ᠭᠡᠷ ᠪᠠᠶᠢᠰᠢᠩ ᠢ  ᠪᠠᠶᠢᠭᠤᠯᠤᠨ᠂  2 ᠦᠢᠯᠡᠳᠪᠦᠷᠢᠯᠡᠯ ᠤᠨ ᠱᠤᠭᠤᠮ  ᠂  60 ᠲᠤᠮᠤ ᠮᠠᠰᠢᠨ ᠲᠦᠬᠦᠭᠡᠷᠦᠮᠵᠢ   ᠶᠢ ᠲᠤᠷᠰᠢᠨ  ᠠᠵᠢᠯᠯᠠᠭᠤᠯᠵᠤ᠂  ᠺᠧ ᠲᠠᠢ ᠯᠦᠩ ᠳ᠋ᠠ  ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠦᠶᠯᠡᠳᠪᠦᠷᠢᠯᠡᠯ ᠤᠨ ᠱᠤᠭᠤᠮ ᠢ  ᠪᠠᠶᠢᠭᠤᠯᠤᠨ ᠠᠰᠢᠭᠯᠠᠯᠲᠠ ᠳᠤ ᠤᠷᠤᠭᠤᠯᠪᠠ ᠃  85 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ   ᠤ ᠲᠦᠷᠦᠯ ᠵᠦᠢᠯ ᠢ ᠰᠢᠨ᠎ᠡ ᠪᠠᠷ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂  ᠵᠠᠭᠤᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ ᠪᠦᠲᠦᠭᠡᠬᠦ ᠬᠠᠷᠠᠯᠲᠠ ᠪᠡᠶᠡᠯᠡᠭᠳᠡᠪᠡ  ᠃ ᠪᠤᠤᠴᠠᠩ ᠤᠨ ᠲᠡᠭᠡᠳᠦ  ᠰᠢᠨ᠎ᠡ ᠮᠡᠷᠭᠡᠵᠢᠯ ᠤᠨ ᠠᠵᠤ ᠦᠢᠯᠡᠰ  ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ  ᠤᠷᠤᠨ ᠲᠣᠭᠤᠷᠢᠭ ᠪᠣᠯᠤᠨ ᠳᠡᠰ ᠳᠡᠪᠰᠢᠵᠦ᠂ ᠣᠷᠣᠵᠤ  ᠨᠤᠳᠤᠭᠰᠢᠭᠰᠠᠨ ᠠᠵᠤ ᠠᠬᠤᠶᠢᠯᠠᠯ 17  ᠪᠠᠶᠢᠭᠰᠠᠨ ᠠᠴᠠ ᠪᠠᠨ 55  ᠪᠤᠯᠵᠤ ᠨᠡᠮᠡᠭᠳᠡᠨ  ᠂ ᠠᠵᠤ ᠦᠶᠯᠡᠳᠪᠦᠷᠢ ᠶᠢᠨ ᠲᠥᠷᠥᠯ ᠵᠦᠢᠯ 4 ᠶᠡᠭᠡ ᠲᠥᠷᠥᠯ   ᠠᠴᠠ ᠪᠠᠨ 10 ᠶᠡᠭᠡ ᠲᠥᠷᠥᠯ ᠪᠣᠯᠤᠨ ᠨᠡᠮᠡᠭᠳᠡᠵᠦ᠂ ᠠᠵᠤ ᠦᠶᠯᠡᠳᠪᠦᠷᠢ ᠶᠢᠨ  ᠪᠦᠳᠦᠭᠡᠭᠳᠡᠬᠦᠨ 10 ᠵᠦᠢᠯ ᠪᠠᠶᠢᠭᠰᠠᠨ ᠠᠴᠠ ᠪᠠᠨ ᠵᠠᠭᠤ ᠭᠠᠷᠤᠢ ᠵᠦᠢᠯ ᠪᠣᠯᠤᠨ ᠨᠡᠮᠡᠭᠳᠡᠵᠦ᠂   ᠬᠦᠷᠢᠶᠡᠯᠡᠩ ᠳᠤ ᠠᠵᠢᠯ ᠤᠯᠤᠭᠰᠠᠳ 1500 ᠪᠠᠶᠢᠭᠰᠠᠨ ᠠᠴᠠ ᠪᠠᠨ 3100 ᠬᠥᠮᠦᠨ ᠪᠤᠯᠵᠤ ᠨᠡᠮᠡᠭᠳᠡᠨ᠂ ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ᠂ ᠲᠣᠨᠤᠭ ᠲᠥᠬᠦᠭᠡᠷᠦᠮᠵᠢ  ᠂ ᠰᠢᠨ᠎ᠡ ᠮᠠᠲ᠋ᠧᠷᠢᠶᠠᠯ᠂  ᠲᠡᠭᠡᠳᠦ ᠰᠢᠨ᠎ᠡ ᠮᠡᠷᠭᠡᠵᠢᠯ ᠪᠣᠯᠤᠨ ᠬᠥᠩᠭᠡᠨ ᠠᠵᠤ ᠦᠶᠯᠡᠳᠪᠦᠷᠢ ᠪᠠᠷᠢᠯᠭ᠎ᠠ ᠶᠢᠨ ᠮᠠᠲ᠋ᠧᠷᠢᠶᠠᠯ  ᠤᠨ ᠠᠵᠢᠯ ᠲᠥᠷᠥᠯ ᠢᠶᠠᠷ  ᠪᠦᠷᠢᠯᠳᠦᠴᠡ ᠪᠣᠯᠭᠠᠭᠰᠠᠨ᠂ ᠴᠠᠬᠢᠯᠭᠠᠨ᠂ ᠠᠷᠢᠬᠢ᠂ ᠰᠢᠬᠢᠷ᠂ ᠲᠣᠰᠣ᠂ ᠥᠨᠳᠡᠭᠡ᠂ ᠮᠢᠬ᠎ᠠ᠂ ᠡᠮ᠂ ᠰᠦᠯᠢᠶᠣᠣ ᠪᠠᠷ ᠲᠤᠯᠭᠠᠭᠤᠷᠢ ᠪᠣᠯᠭᠠᠭᠰᠠᠨ ᠣᠳᠣ ᠦᠶ᠎ᠡ ᠶᠢᠨ ᠠᠵᠤ ᠦᠶᠯᠡᠳᠪᠦᠷᠢ ᠶᠢᠨ ᠰᠢᠰᠲ᠋ᠧᠮ ᠠᠩᠬ᠎ᠠ ᠠᠯᠬᠤᠮ ᠲᠦᠯᠦᠪᠰᠢᠭᠰᠡᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号