︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠲᠤᠯᠤᠭ᠎ᠠ
ᠨᠡᠶᠢᠲᠡᠯᠡᠭᠰᠡᠨ ᠴᠠᠭ᠄
2021/3/16
            ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠦᠷᠨᠢᠬᠦᠨ ᠬᠦᠭᠵᠢᠭᠰᠡᠨ    ᠪᠦᠬᠦ ᠣᠷᠣᠨ ᠪᠦᠰᠡ ᠶᠢᠨ ᠵᠢᠭᠤᠯᠴᠢᠯᠠᠯ   ᠤᠨ ᠡᠷᠡᠭᠦᠯ ᠬᠥᠭᠵᠢᠯᠲᠡ ᠶᠢ ᠯᠠᠪᠳᠠᠭᠤᠨ   ᠢᠶᠠᠷ ᠠᠬᠢᠭᠤᠯᠵᠤ᠂ ᠬᠠᠭᠠᠨ ᠤ ᠠᠳᠤᠭᠤᠨ ᠵᠤᠰᠠᠭᠠᠯ ᠢ ᠲᠡᠰ ᠲᠡᠪᠰᠢᠬᠦᠯᠬᠦ᠂  ᠵᠢᠭᠤᠯᠴᠢᠯᠠᠭᠴᠢ ᠳᠤ ᠦᠢᠯᠡᠴᠢᠯᠡᠬᠦ ᠲᠥᠪ᠂ ᠪᠢᠶᠠᠨ ᠴᠢᠶᠠᠩ ᠠᠮᠢ ᠠᠬᠤᠢ ᠶᠢᠨ ᠵᠤᠭᠠᠴᠠᠯ ᠤᠨ ᠲᠣᠰᠬᠤᠨ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ ᠥᠷᠲᠡᠭᠡᠨ ᠤ ᠲᠡᠮᠳᠡᠭ 3᠂   ᠢᠯᠡᠷᠭᠡᠶᠢᠯᠡᠯ ᠤᠨ ᠱᠤᠭᠤᠮᠠᠯ 1 ᠶᠢ ᠪᠤᠰᠬᠠᠵᠤ᠂ ᠪᠠᠷᠢᠮᠵᠢᠶᠠᠲᠤ ᠣᠳᠣᠨ ᠲᠡᠰ ᠤᠨ ᠪᠠᠭᠤᠳᠠᠯ 3᠂   ᠦᠨᠳᠦᠰᠦᠲᠡᠨ ᠤ ᠣᠨᠴᠠᠯᠢᠭᠲᠤ  ᠠᠶᠢᠯ ᠬᠤᠳᠠ 1᠂   ᠵᠢᠭᠤᠯᠴᠢᠯᠠᠭᠴᠢ ᠳᠤ ᠵᠤᠷᠢᠭᠤᠯᠤᠭᠰᠠᠨ ᠵᠣᠷᠯᠣᠩ 69 ᠶᠢ ᠪᠠᠶᠢᠭᠤᠯᠵᠤ᠂ ᠪᠦᠬᠦ ᠬᠤᠰᠢᠭᠤᠨ  ᠤ ᠰᠣᠶᠣᠯ  ᠵᠢᠭᠤᠯᠴᠢᠯᠠᠯ ᠤᠨ ᠨᠡᠷᠡᠲᠦ ᠲᠡᠮᠳᠡᠭᠲᠦ ᠦᠵᠡᠮᠵᠢ ᠶᠢᠨ ᠣᠷᠣᠨ 9  ᠂  ᠵᠢᠭᠤᠯᠴᠢᠯᠠᠯ ᠤᠨ ᠦᠢᠯᠡᠰ ᠡᠷᠬᠢᠯᠡᠬᠦ ᠡᠷᠦᠬᠡ 90 ᠡᠷᠦᠬᠡ   ᠳᠤ ᠬᠦᠷᠴᠦ᠂  ᠪᠢᠶᠠᠨ ᠴᠢᠶᠠᠩ ᠲᠤᠰᠬᠤᠨ ᠪᠦᠬᠦ ᠤᠯᠤᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠭᠤᠤᠯᠳᠠᠯᠭᠠᠳᠠᠢ ᠲᠤᠰᠬᠤᠨ ᠪᠠ ᠦᠵᠡᠰᠬᠦᠯᠡᠩᠳᠦ ᠰᠠᠶᠢᠬᠠᠨ ᠰᠡᠯᠡᠬᠦᠴᠡᠯ ᠤᠨ ᠲᠤᠰᠬᠤᠨ ᠢᠶᠠᠷ ᠦᠨᠡᠯᠡᠭᠳᠡᠵᠡᠢ᠃ ᠳᠤᠮᠳᠠᠳᠤ ᠤᠯᠤᠰ ᠤᠨ ᠲᠠᠯ᠎ᠠ ᠨᠤᠲᠤᠭ ᠤᠨ ᠮᠣᠩᠭᠤᠯ ᠠᠳᠤᠭᠤᠨ ᠤ ᠰᠣᠶᠣᠯ  ᠤᠨ ᠨᠠᠶᠢᠷ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠮᠠᠯᠴᠢᠳ ᠤᠨ ᠨᠠᠭᠠᠳᠤᠮ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠴᠢᠨᠠᠷ ᠰᠠᠶᠢᠲᠠᠶ ᠡᠷᠭᠢᠯᠡᠪᠡ᠃ ᠤᠯᠤᠰ᠂ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠬᠤᠤᠰ ᠵᠢᠱᠢᠶᠠᠨ ᠤ ᠲᠥᠷᠥᠯ ᠵᠦᠶᠯ ᠢ ᠯᠠᠪᠳᠠᠭᠤᠨ ᠢᠶᠠᠷ ᠠᠬᠢᠭᠤᠯᠵᠤ᠂ ᠲᠦᠷᠭᠡᠨ  ᠬᠦᠷᠬᠡᠯᠳᠡ ᠶᠢᠨ ᠠᠵᠤ ᠠᠬᠤᠶᠢᠯᠠᠯ 10᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 41᠂ ᠰᠦᠯᠵᠢᠶᠡᠨ ᠤ ᠪᠤᠷᠤᠯᠠᠭᠤᠯᠤᠭᠴᠢ 943 ᠳᠤ  ᠬᠦᠷᠴᠡᠢ᠃  ᠪᠡᠭᠡᠵᠢᠩ ᠬᠤᠳᠠ ᠳᠤ  ᠪᠦᠳᠦᠭᠡᠭᠳᠡᠬᠦᠨ ᠢᠶᠠᠨ ᠳᠡᠯᠭᠡᠨ ᠪᠣᠷᠣᠯᠠᠭᠤᠯᠬᠤ ᠳᠡᠯᠭᠡᠭᠦᠷ ( ᠣᠷᠳᠣᠨ᠂ ᠲᠣᠭᠤᠷᠢᠭ ) 11 ᠶᠢ ᠪᠠᠶᠢᠭᠤᠯᠵᠤ᠂  ᠠᠷᠠᠯᠵᠢᠶ᠎ᠠ ᠰᠤᠯᠢᠯᠴᠠᠭᠠᠨ ᠤ ᠬᠡᠮᠵᠢᠶ᠎ᠡ ᠨᠢ 15 ᠳ᠋ᠦᠩᠰᠢᠭᠤᠷ ᠲᠥᠭᠦᠷᠢᠭ ᠳᠠᠪᠠᠪᠠ᠃ 4 ᠵᠤᠷᠪᠤᠰ ᠪᠣᠳᠠᠰ ᠤᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠵᠠᠮ ᠱᠤᠭᠤᠮ ᠪᠦᠬᠦ ᠲᠠᠯ᠎ᠠ ᠪᠠᠷ ᠨᠡᠪᠲᠡᠷᠡᠵᠦ᠂  ᠡᠯᠧᠺᠲᠷᠣᠨ ᠬᠤᠳᠠᠯᠳᠤᠭ᠎ᠠ ᠬᠥᠳᠡᠭᠡ ᠲᠣᠰᠬᠤᠨ ᠳᠤ ᠣᠷᠤᠭᠰᠠᠨ ᠤᠯᠤᠰ   ᠤᠨ ᠲᠡᠰ ᠤᠨ  ᠵᠢᠱᠢᠶ᠎ᠡ ᠦᠵᠡᠭᠦᠯᠬᠦ ᠭᠠᠵᠠᠷ ᠤᠷᠤᠨ ᠪᠠᠷ  ᠦᠨᠡᠯᠡᠭᠳᠡᠪᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠴᠡᠭ 28 ᠪᠣᠯᠵᠤ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ  ᠲᠤᠰᠪᠤᠷᠢ 75 ᠳ᠋ᠦᠩᠰᠢᠭᠤᠷ ᠲᠥᠭᠦᠷᠢᠭ ᠪᠠ 54 ᠳ᠋ᠦᠩᠰᠢᠭᠤᠷ ᠲᠥᠭᠦᠷᠢᠭ ᠲᠤ ᠬᠦᠷᠴᠦ᠂  2015 ᠣᠨ ᠬᠢ ᠠᠴᠠ ᠬᠤᠶᠠᠷ ᠳᠠᠬᠢᠨ ᠨᠡᠮᠡᠭᠳᠡᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号