︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠨᠠᠢᠮᠠ
ᠨᠡᠶᠢᠲᠡᠯᠡᠭᠰᠡᠨ ᠴᠠᠭ᠄
2021/3/16
      ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠲᠦᠷᠰᠦ ᠪᠠᠶᠢᠳᠠᠯ ᠶᠡᠭᠡᠪᠡᠷ ᠬᠤᠪᠢᠷᠠᠭᠰᠠᠨ    ᠲᠠᠪᠤᠨ ᠵᠢᠯ ᠳᠤ ᠨᠡᠶᠢᠳᠡ 23 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠂ 1.11 ᠲᠦᠮᠡᠨ ᠡᠷᠦᠬᠡ  ᠶᠢᠨ ᠨᠤᠷᠠᠬᠤ ᠠᠶᠤᠯᠲᠠᠢ ᠭᠡᠷ ᠪᠠᠶᠢᠰᠢᠩ ᠢ  ᠰᠢᠨᠡᠳᠬᠡᠨ ᠪᠠᠶᠢᠭᠤᠯᠵᠤ᠂ 2 .77 ᠲᠦᠮᠡᠨ ᠭᠡᠷ ᠪᠠᠶᠢᠰᠢᠩ ᠢ ᠰᠡᠯᠪᠢᠨ ᠵᠠᠰᠠᠵᠤ᠂ 6 . 93 ᠲᠦᠮᠡᠨ ᠨᠤᠷᠠᠬᠤ ᠠᠶᠤᠯᠲᠠᠶ ᠰᠢᠪᠠᠷ ᠪᠠᠶᠢᠰᠢᠩ ᠢ ᠨᠤᠷᠠᠭᠠᠨ᠂ 238 ᠲᠦᠮᠡᠨ ᠮᠧᠲᠷ ᠬᠦᠷᠢᠶ᠎ᠡ ᠬᠠᠰᠢᠶ᠎ᠠ ᠶᠢ  ᠰᠢᠨᠡᠳᠬᠡᠨ ᠪᠠᠶᠢᠭᠤᠯᠪᠠ᠃  ᠭᠠᠴᠠᠭ᠎ᠠ ᠲᠣᠰᠬᠤᠨ ᠳᠤ ᠨᠡᠪᠲᠡᠷᠡᠬᠦ  579  ᠺᠢᠯᠤᠮᠧᠲᠷ ᠵᠠᠮ ᠢ ᠰᠢᠨ᠎ᠡ  ᠪᠠᠷ ᠪᠠᠶᠢᠭᠤᠯᠬᠤ ᠪᠤᠶᠤ  ᠦᠷᠭᠡᠳᠭᠡᠨ ᠵᠠᠰᠠᠵᠤ᠂ 588 ᠺᠢᠯᠣᠮᠧᠲᠷ ᠵᠡᠭᠡᠯᠢ ᠭᠤᠳᠤᠮᠵᠢ ᠶᠢ  ᠬᠠᠳᠠᠭᠤᠷᠠᠭᠤᠯᠤᠨ᠂  8335 ᠢᠵᠢ 《 ᠡᠷᠦᠬᠡ ᠪᠣᠯᠭᠠᠨ ᠳᠤ ᠨᠡᠪᠲᠡᠷᠡᠬᠦ 》 ᠲᠦᠬᠦᠭᠡᠷᠦᠮᠵᠢ ᠤᠭᠰᠠᠷᠠᠵᠤ᠂ 21 ᠰᠤᠷᠭᠠᠭᠤᠯᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ 109 ᠰᠠᠭᠤᠷᠢ  ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠦᠷᠦᠭᠡ ᠶᠢ ᠰᠢᠨ᠎ᠡ ᠪᠠᠷ ᠪᠠᠶᠢᠭᠤᠯᠬᠤ ᠪᠠ ᠰᠡᠯᠪᠢᠨ ᠵᠠᠰᠠᠵᠤ  ᠂ 175 ᠭᠠᠴᠠᠭ᠎ᠠ ᠲᠣᠰᠬᠤᠨ ᠤ ᠰᠣᠶᠣᠯ ᠤᠨ ᠦᠷᠦᠭᠡᠨ ᠤ ᠲᠥᠬᠦᠭᠡᠷᠦᠮᠵᠢ ᠶᠢ ᠪᠦᠷᠢᠳᠦᠬᠦᠯᠦᠨ᠂ ᠠᠷᠠᠳ ᠲᠤ ᠲᠥᠬᠦᠮ ᠦᠵᠡᠭᠦᠯᠬᠦ ᠴᠢᠯᠦᠬᠡᠳᠦ ᠳᠡᠯᠭᠡᠭᠦᠷ ᠪᠠ ᠭᠠᠴᠠᠭ᠎ᠠ ᠲᠣᠰᠬᠤᠨ ᠱᠠᠲᠤᠨ ᠤ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠥᠷᠲᠡᠭᠡ 167 ᠶᠢ ᠪᠠᠶᠢᠭᠤᠯᠪᠠ᠃ ᠬᠤᠭ ᠲᠡᠭᠡᠭᠡᠪᠦᠷᠢᠯᠡᠬᠦ ᠵᠢᠵᠢᠭ ᠲᠡᠷᠭᠡ 100  ᠂  ᠬᠤᠭ ᠤᠨ ᠬᠠᠶᠢᠷᠴᠠᠭ 1791 ᠶᠢ ᠲᠤᠬᠢᠷᠠᠭᠤᠯᠤᠨ᠂ ᠬᠤᠭ ᠨᠣᠪᠰᠢ ᠶᠢ ᠴᠤᠭᠯᠠᠭᠤᠯᠤᠨ ᠲᠡᠭᠡᠭᠡᠪᠦᠷᠢᠯᠡᠬᠦ ᠥᠷᠲᠡᠭᠡ 55  ᠂ ᠬᠤᠭ ᠤᠨ ᠤᠩᠭᠤᠴᠠ 1857᠂  ᠨᠡᠶᠢᠲᠡ ᠶᠢᠨ ᠵᠣᠷᠯᠣᠩ 508᠂  ᠰᠢᠨ᠎ᠡ ᠮᠠᠶ᠋ᠢᠭ ᠤᠨ ᠭᠡᠷ ᠤᠨ ᠵᠣᠷᠯᠣᠩ 3051 ᠶᠢ ᠪᠠᠶᠢᠭᠤᠯᠤᠭᠰᠠᠨ ᠪᠦᠬᠡᠳ 38 ᠲᠦᠮᠡᠨ ᠮᠦ  ᠨᠢᠯᠬ᠎ᠠ ᠮᠣᠳᠣ ᠲᠠᠷᠢᠵᠤ᠂  ᠬᠥᠳᠡᠭᠡ ᠲᠣᠰᠬᠤᠨ ᠤ ᠣᠯᠠᠨ ᠨᠡᠶᠢᠲᠡ  ᠶᠢᠨ ᠦᠢᠯᠡᠴᠢᠯᠡᠭᠡᠨ ᠤ  ᠲᠦᠬᠦᠭᠡᠷᠦᠮᠵᠢ ᠶᠢ ᠠᠵᠢᠯᠯᠠᠭᠤᠯᠬᠤ ᠪᠠ ᠬᠠᠮᠢᠶᠠᠷᠬᠤ ᠤᠷᠲᠤ ᠬᠤᠭᠤᠴᠠᠭᠠᠨ ᠤ ᠪᠦᠳᠦᠮᠵᠢᠳᠦ ᠲᠣᠭᠲᠠᠴᠠ ᠠᠩᠬ᠎ᠠ ᠠᠯᠬᠤᠮ ᠪᠠᠶᠢᠭᠤᠯᠤᠭᠳᠠᠨ᠂ ᠮᠠᠯᠵᠢᠬᠤ ᠲᠠᠷᠢᠶᠠᠯᠠᠬᠤ ᠣᠷᠣᠨ ᠤ  ᠲᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠴᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠭᠰᠠᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号