ᠠᠭᠤᠯᠤᠮᠵᠢᠳᠤ ᠭᠡᠯᠪᠡᠷᠢ ᠪᠠᠷ ᠬᠦᠭᠵᠢᠭᠰᠡᠨ ᠬᠤᠲᠠ ᠪᠠᠯᠭᠠᠰᠤᠨ ᠤ | ᠪᠠᠶᠢᠭᠤᠯᠤᠯᠲᠠ ᠬᠠᠮᠢᠶᠠᠷᠤᠯᠲᠠ ᠶᠢᠨ ᠵᠠᠮ ᠢ ᠬᠠᠶᠢᠭᠰᠠᠨ | | ᠬᠠᠭᠤᠴᠢᠨ ᠬᠤᠳᠠ ᠶᠢᠨ ᠲᠣᠭᠤᠷᠢᠭ ᠤᠨ ᠴᠢᠳᠠᠮᠵᠢ ᠶᠢ ᠪᠦᠷᠢᠨᠰᠢᠬᠦᠯᠵᠦ ᠰᠢᠨ᠎ᠡ ᠲᠣᠭᠤᠷᠢᠭ ᠤᠨ ᠴᠢᠨᠠᠷ ᠢ | ᠳᠡᠭᠡᠭᠰᠢᠯᠡᠭᠦᠯᠬᠦ ᠪᠠᠷ ᠭᠤᠣᠯᠳᠠᠯᠭ᠎ᠠ ᠪᠤᠯᠭᠠᠨ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠠᠮᠢ ᠠᠬᠤᠢ ᠶᠢᠨ | ᠰᠡᠯᠡᠭᠦᠴᠡᠯ ᠤᠨ ᠵᠢᠵᠢᠭ ᠪᠠᠯᠭᠠᠰᠤ ᠶᠢ ᠪᠠᠶᠢᠭᠤᠯᠬᠤ ᠪᠠᠷ ᠴᠢᠷᠮᠠᠶᠢᠪᠠ᠃ 3.1 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠵᠤ᠂ 23.2 ᠺᠢᠯᠤᠮᠧᠲᠷ ᠬᠤᠲᠠ ᠶᠢᠨ ᠵᠠᠮ ᠢ ᠰᠢᠨ᠎ᠡ ᠪᠠᠷ ᠲᠡᠪᠢᠰᠦᠨ᠂ 20.5 ᠲᠦᠮᠡᠨ | ᠬᠠᠪᠳᠠᠭᠠᠢ ᠳᠥᠷᠪᠡᠯᠵᠢᠨ ᠮᠧᠲᠷ ᠢ ᠬᠠᠳᠠᠭᠤᠷᠠᠭᠤᠯᠵᠤ᠂ 2180 ᠢᠵᠢ ᠵᠠᠮ ᠤᠨ ᠳ᠋ᠧᠩ ᠤᠭᠰᠠᠷᠠᠵᠠᠢ᠃ 4 | ᠵᠤᠷᠪᠤᠰ ᠮᠤᠬᠤᠷ ᠵᠠᠮ ᠢ ᠨᠡᠪᠲᠡᠷᠡᠭᠦᠯᠵᠦ᠂ ᠢᠯᠠᠩᠭᠤᠶ᠎ᠠ ᠵᠡᠭᠦᠨ ᠲᠣᠭᠤᠷᠢᠯ ᠵᠠᠮ ᠢ ᠪᠠᠶᠢᠭᠤᠯᠤᠭᠰᠠᠨ ᠰᠠᠭᠤᠷᠢᠨ | ᠳᠡᠭᠡᠷ᠎ᠡ᠂ ᠪᠠᠷᠠᠭᠤᠨ ᠠᠭᠤᠯᠠ ᠶᠢᠨ ᠵᠠᠮ ᠪᠠ ᠵᠡᠭᠦᠨ ᠡᠮᠦᠨ᠎ᠡ ᠲᠣᠭᠤᠷᠢᠯ ᠵᠠᠮ ᠢ ᠨᠡᠪᠳᠡᠷᠡᠬᠦᠯᠦᠬᠡᠳ᠂ ᠵᠠᠮ | ᠬᠠᠷᠢᠯᠴᠠᠭᠠᠨ ᠤ ᠭᠤᠣᠯ ᠱᠤᠭᠤᠮ ᠤᠨ ᠲᠦᠭᠵᠢᠷᠡᠯ ᠤᠨ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠪᠡ᠃ 1.07 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 1 ᠲᠦᠭᠡᠭᠡᠯ ᠤᠰᠤᠨ ᠤ ᠦᠢᠯᠡᠳᠪᠦᠷᠢ ᠶᠢ ᠰᠢᠨ᠎ᠡ ᠪᠠᠷ | ᠪᠠᠶᠢᠭᠤᠯᠤᠨ᠂ 1 ᠬᠠᠭᠤᠴᠢᠨ ᠤᠰᠤᠨ ᠤ ᠦᠢᠯᠡᠳᠪᠦᠷᠢ ᠶᠢ ᠥᠭᠡᠷᠡᠴᠢᠯᠡᠨ ᠪᠠᠶᠢᠭᠤᠯᠵᠤ᠂ 59 ᠺᠢᠯᠤᠮᠧᠲᠷ ᠤᠰᠤ | ᠬᠠᠩᠭᠠᠬᠤ ᠬᠤᠭᠤᠯᠠᠢ ᠶᠢ ᠢᠵᠢ ᠪᠦᠷᠢᠳᠦᠭᠦᠯᠦᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠤᠭᠠᠳ᠂ ᠤᠰᠤ | ᠬᠠᠩᠭᠠᠬᠤ ᠴᠢᠳᠠᠪᠤᠷᠢ ᠳᠠᠬᠢᠨ ᠢᠶᠠᠷ ᠳᠡᠭᠡᠭᠰᠢᠯᠡᠵᠦ᠂ ᠥᠨᠳᠥᠷ ᠳᠠᠪᠬᠤᠷᠭ᠎ᠠ ᠶᠢᠨ ᠠᠰᠠᠷ ᠤᠨ ᠤᠤᠭᠤᠬᠤ ᠤᠰᠤᠨ ᠤ | ᠬᠦᠴᠢᠷᠳᠡᠯ ᠲᠤᠶᠢᠯᠪᠤᠷᠢᠲᠠᠢ ᠰᠢᠢᠳᠪᠦᠷᠢᠯᠡᠭᠳᠡᠭᠰᠡᠨ ᠪᠠᠶᠢᠨ᠎ᠠ᠃ 1.53 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 144 ᠺᠢᠯᠤᠮᠧᠲᠷ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠢ ᠶᠢ ᠰᠢᠨ᠎ᠡ ᠪᠠᠷ | ᠪᠠᠶᠢᠭᠤᠯᠤᠭᠰᠠᠨ ᠪᠠ ᠥᠭᠡᠷᠡᠴᠢᠯᠡᠨ ᠵᠠᠰᠠᠵᠤ᠂ ᠬᠤᠲᠠ ᠶᠢᠨ ᠭᠤᠤᠯ ᠲᠣᠭᠤᠷᠢᠭ ᠲᠤ ᠪᠣᠷᠣᠭᠠᠨ ᠤ ᠤᠰᠤ ᠪᠠ | ᠪᠣᠬᠢᠷ ᠤᠰᠤ ᠶᠢ ᠰᠠᠯᠭᠠᠵᠤ ᠤᠷᠤᠰᠬᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠪᠤᠬᠢᠷ ᠤᠰᠤ ᠶᠢ ᠬᠤᠷᠢᠶᠠᠨ | ᠴᠤᠭᠯᠠᠭᠤᠯᠬᠤ ᠨᠣᠷᠮ᠎ᠠ 76 % ᠪᠠᠶᠢᠭᠰᠠᠨ ᠠᠴᠠ ᠪᠠᠨ 92 % ᠪᠤᠯᠵᠤ ᠳᠡᠭᠡᠭᠰᠢᠯᠡᠪᠡ᠃ 8.46 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠢᠯᠴᠢ ᠴᠠᠬᠢᠯᠭᠠᠨ ᠤ ᠬᠠᠮ ᠦᠢᠯᠡᠳᠪᠦᠷᠢᠯᠡᠯ ᠤᠨ ᠲᠥᠷᠦᠯ | ᠵᠦᠢᠯ ᠢ ᠪᠠᠶᠢᠭᠤᠯᠤᠨ᠂ 17.1 ᠺᠢᠯᠤᠮᠧᠲᠷ ᠢᠯᠴᠢ ᠬᠠᠩᠭᠠᠬᠤ ᠬᠤᠭᠤᠯᠠᠢ ᠶᠢ ᠲᠥᠬᠦᠷᠵᠢᠭᠦᠯᠦᠨ ᠪᠠᠶᠢᠭᠤᠯᠵᠤ᠂ | 37.5 ᠺᠢᠯᠤᠮᠧᠲᠷ ᠬᠠᠭᠤᠴᠢᠨ ᠲᠦᠬᠦᠭᠡᠷᠦᠮᠵᠢ ᠶᠢ ᠦᠬᠡᠷᠡᠴᠢᠯᠡᠨ᠂ ᠬᠠᠩᠭᠠᠯᠭ᠎ᠠ ᠶᠢᠨ ᠴᠢᠨᠠᠷ ᠪᠠ ᠦᠢᠯᠡᠴᠢᠯᠡᠭᠡᠨ | ᠤ ᠲᠦᠪᠰᠢᠨ ᠮᠡᠳᠡᠭᠳᠡᠮ᠎ᠡ ᠳᠡᠭᠡᠭᠰᠢᠯᠡᠪᠡ᠃ 9000 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠬᠠᠭᠤᠴᠢᠨ | ᠰᠠᠭᠤᠭᠠᠯᠢ ᠲᠣᠭᠤᠷᠢᠭ 32 ᠢ ᠥᠭᠡᠷᠡᠴᠢᠯᠡᠨ ᠰᠠᠶᠢᠵᠢᠷᠠᠭᠤᠯᠵᠤ᠂ 4518 ᠡᠷᠦᠬᠡ ᠳᠤ ᠠᠰᠢᠭ ᠬᠦᠷᠳᠡᠭᠡᠨ᠂ | ᠤᠷᠤᠰᠢᠨ ᠰᠠᠭᠤᠷᠢᠰᠢᠬᠤ ᠣᠷᠴᠢᠨ ᠨᠦᠬᠦᠴᠡᠯ ᠢᠯᠡᠳᠲᠡ ᠰᠠᠶᠢᠵᠢᠷᠠᠭᠰᠠᠨ ᠪᠠᠶᠢᠨ᠎ᠠ ᠃ 2.1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠤᠰᠤ ᠴᠡᠪᠡᠷᠰᠢᠬᠦᠯᠬᠦ ᠦᠢᠯᠡᠳᠪᠦᠷᠢ 1 ᠶᠢ ᠪᠠᠶᠢᠭᠤᠯᠤᠨ᠂ 9.5 | ᠺᠢᠯᠤᠮᠧᠲᠷ ᠤᠰᠤ ᠴᠡᠪᠡᠷᠰᠢᠬᠦᠯᠬᠦ ᠬᠤᠭᠤᠯᠠᠢ ᠤᠭᠰᠠᠷᠠᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ | ᠦᠶᠯᠡᠳᠪᠦᠷᠢ ᠶᠢᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠭᠡᠷ ᠵᠡᠷᠭᠡ ᠶᠢᠨ A ᠳᠡᠰ ᠪᠤᠯᠭᠠᠵᠤ | ᠲᠡᠭᠡᠭᠰᠢᠯᠡᠬᠦᠯᠦᠨ᠂ ᠹᠣᠰᠹᠣᠷ ᠠᠽᠣᠲ ᠭᠠᠳᠠᠭᠰᠢᠯᠠᠭᠤᠯᠬᠤ ᠬᠡᠮᠵᠢᠶ᠎ᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ᠂ | ᠠᠵᠤ ᠦᠶᠯᠡᠳᠪᠦᠷᠢ ᠶᠢᠨ ᠤᠷᠤᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ | ᠡᠬᠢᠯᠡᠪᠡ᠃ ᠤᠰᠤ ᠴᠡᠪᠡᠷᠰᠢᠬᠦᠯᠦᠨ ᠠᠰᠢᠭᠯᠠᠬᠤ ᠠᠵᠢᠯ ᠢ ᠰᠠᠶᠢᠨ ᠬᠢᠵᠦ᠂ 1.79 ᠳ᠋ᠦᠩᠰᠢᠭᠤᠷ ᠲᠥᠭᠦᠷᠢᠭ ᠤᠨ | ᠪᠠᠯᠠ ᠣᠷᠣᠭᠤᠯᠵᠤ᠂ PPP ᠵᠠᠭᠪᠤᠷ ᠢ ᠬᠡᠷᠡᠭᠯᠡᠨ ᠪᠣᠤᠴᠠᠩ ᠰᠣᠶᠣᠯ ᠤᠨ ᠴᠡᠴᠡᠷᠯᠢᠭ ᠢ ᠰᠢᠨ᠎ᠡ ᠪᠠᠷ | ᠲᠦᠯᠦᠪᠵᠢᠬᠦᠯᠦᠨ ᠪᠠᠶᠢᠭᠤᠯᠤᠭᠠᠳ᠂ ᠪᠣᠤᠴᠠᠩ ᠪᠠᠯᠭᠠᠰᠤᠨ ᠳᠤ ᠴᠡᠴᠡᠷᠯᠢᠭ ᠦᠬᠡᠢ ᠪᠠᠶᠢᠭᠰᠠᠨ ᠲᠡᠦᠬᠡ ᠶᠢ | ᠡᠴᠦᠰᠯᠡᠭᠦᠯᠪᠡ᠃ 1.44 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠪᠠᠯᠭᠠᠰᠤᠨ ᠤ | ᠨᠣᠭᠤᠭᠠᠷᠠᠭᠤᠯᠤᠯᠲᠠ ᠶᠢᠨ ᠲᠠᠯᠠᠪᠠᠢ ᠶᠢ 37.4 ᠲᠦᠮᠡᠨ ᠬᠠᠪᠳᠠᠭᠠᠢ ᠳᠥᠷᠪᠡᠯᠵᠢᠨ ᠮᠧᠲᠷ ᠨᠡᠮᠡᠭᠳᠡᠭᠦᠯᠵᠦ᠂ 25 | ᠲᠦᠮᠡᠨ ᠬᠠᠪᠳᠠᠭᠠᠢ ᠳᠥᠷᠪᠡᠯᠵᠢᠨ ᠮᠧᠲᠷ ᠢ ᠨᠦᠬᠦᠨ ᠲᠠᠷᠢᠵᠤ᠂ ᠥᠷᠲᠡᠭᠡᠨ ᠡᠮᠦᠨᠡᠬᠢ ᠲᠠᠯᠠᠪᠠᠢ ᠶᠢᠨ | ᠪᠠᠶᠢᠭᠤᠯᠤᠯᠳᠠ᠂ ᠵᠡᠬᠦᠨ ᠠᠭᠤᠯᠠᠨ ᠤ ᠨᠣᠭᠤᠭᠠᠷᠠᠭᠤᠯᠤᠯᠲᠠ᠂ ᠲᠥᠪ ᠲᠠᠯᠠᠪᠠᠢ ᠶᠢᠨ ᠵᠠᠰᠠᠯᠲᠠ᠂ ᠭᠤᠣᠯ ᠵᠠᠮ ᠪᠠ | ᠬᠤᠲᠠ ᠪᠠᠯᠭᠠᠰᠤᠨ ᠤ ᠭᠠᠷᠬᠤ ᠵᠠᠮ ᠤᠨ ᠨᠣᠭᠤᠭᠠᠷᠠᠭᠤᠯᠤᠯᠲᠠ ᠭᠡᠷᠡᠯᠲᠦᠭᠦᠯᠭᠡ ᠵᠡᠷᠭᠡ ᠲᠥᠷᠥᠯ ᠵᠦᠢᠯ ᠢ | ᠬᠡᠷᠡᠭᠵᠢᠭᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠨᠣᠷᠮ᠎ᠠ 18.7 % ᠳᠤ ᠬᠦᠷᠪᠡ᠃ ᠤᠰᠤᠨ | ᠵᠠᠶᠢᠯᠠᠭᠤᠷᠳᠤ ᠨᠡᠶᠢᠳᠡ ᠶᠢᠨ ᠵᠣᠷᠯᠣᠩ 24 ᠶᠢ ᠰᠢᠨ᠎ᠡ ᠪᠠᠷ ᠪᠠᠶᠢᠭᠤᠯᠤᠨ᠂ ᠬᠤᠲᠠ ᠶᠢᠨ ᠲᠣᠭᠤᠷᠢᠭ ᠤᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠬᠡᠷᠡᠭᠵᠢᠭᠦᠯᠵᠦ᠂ ᠶᠡᠷᠦᠩᠬᠡᠢ | ᠬᠥᠮᠥᠷᠭᠡ ᠶᠢᠨ ᠪᠠᠭᠲᠠᠭᠠᠮᠵᠢ ᠨᠢ 76 ᠲᠦᠮᠡᠨ ᠪᠣᠰᠤᠭ᠎ᠠ ᠳᠥᠷᠪᠡᠯᠵᠢᠨ ᠮᠧᠲᠷ ᠬᠦᠷᠬᠦ ᠬᠤᠲᠠ ᠪᠠᠯᠭᠠᠰᠤᠨ ᠤ | ᠠᠮᠢᠳᠤᠷᠠᠯ ᠤᠨ ᠬᠤᠭ ᠨᠣᠪᠰᠢ ᠶᠢ ᠬᠤᠣᠷ ᠦᠬᠡᠶᠢᠳᠡᠬᠦᠯᠦᠨ ᠰᠢᠢᠳᠪᠦᠷᠢᠯᠡᠬᠦ ᠲᠠᠯᠠᠪᠠᠢ ᠶᠢ ᠪᠠᠶᠢᠭᠤᠯᠤᠨ | ᠠᠰᠢᠭᠯᠠᠯᠲᠠ ᠳᠤ ᠤᠷᠤᠭᠤᠯᠵᠤ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠡᠢ᠃ 20 ᠰᠠᠭᠤᠭᠠᠯᠢ ᠲᠣᠭᠤᠷᠢᠭ ᠰᠢᠨ᠎ᠡ ᠪᠠᠷ ᠪᠠᠶᠢᠭᠤᠯᠤᠭᠳᠠᠨ᠂ | ᠵᠢᠷᠤᠭ ᠲᠥᠯᠥᠪᠯᠡᠭᠡ ᠶᠢᠨ ᠬᠢᠷᠢ ᠲᠦᠪᠰᠢᠨ ᠪᠠ ᠪᠦᠲᠦᠭᠡᠨ ᠪᠠᠶᠢᠭᠤᠯᠤᠯᠲᠠ ᠶᠢᠨ ᠴᠢᠨᠠᠷ ᠳᠡᠰ ᠢᠯᠡᠳᠳᠡ | ᠲᠡᠭᠡᠭᠰᠢᠯᠡᠭᠰᠡᠨ ᠪᠦᠬᠡᠳ 4137 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢ ᠵᠠᠰᠠᠨ ᠰᠢᠨᠡᠳᠬᠡᠵᠦ᠂ | 1100 ᠮᠤ᠋ ᠭᠠᠵᠠᠷ ᠢ ᠰᠤᠯᠠᠯᠠᠨ᠂ ᠬᠤᠲᠠ ᠪᠠᠯᠭᠠᠰᠤᠨ ᠤ ᠬᠥᠭᠵᠢᠯᠲᠡ ᠳᠤ ᠰᠢᠨ᠎ᠡ ᠣᠷᠣᠨ ᠵᠠᠢ ᠨᠡᠭᠡᠭᠡᠭᠰᠡᠨ | ᠪᠠᠶᠢᠨ᠎ᠠ᠃ |