︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠠᠷᠪᠠ
ᠨᠡᠶᠢᠲᠡᠯᠡᠭᠰᠡᠨ ᠴᠠᠭ᠄
2021/3/16
    ᠬᠤᠲᠠ ᠬᠥᠳᠡᠭᠡ ᠶᠢᠨ ᠬᠥᠭᠵᠢᠯᠲᠡ ᠶᠢᠨ ᠳᠤᠲᠠᠭᠤᠳᠠᠯ ᠢ  ᠬᠦᠴᠦ ᠲᠠᠯᠪᠢᠵᠤ ᠨᠦᠬᠦᠪᠦᠷᠢᠯᠡᠭᠰᠡᠨ     《 ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ 》 ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂   392.3 ᠺᠢᠯᠤᠮᠧᠲᠷ ᠰᠤᠮᠤ ᠰᠢᠶᠠᠩ ᠪᠠᠯᠭᠠᠰᠤᠨ ᠳᠤ ᠨᠡᠪᠳᠡᠷᠡᠬᠦ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠵᠠᠰᠠᠵᠤ᠂ ᠠᠶᠠᠯᠠᠬᠤ ᠳᠤ ᠬᠦᠴᠢᠷ ᠪᠠᠶᠢᠭᠰᠠᠨ ᠵᠠᠮ ᠢ ᠪᠦᠬᠦᠨ ᠢ  ᠵᠠᠰᠠᠵᠤ ᠰᠠᠶᠢᠵᠢᠷᠠᠭᠤᠯᠤᠭᠰᠠᠨ ᠤ ᠬᠠᠮᠳᠤ᠂ ᠪᠥᠬᠦ ᠬᠤᠰᠢᠭᠤᠨ ᠤ ᠬᠥᠭᠵᠢᠯᠲᠡ ᠶᠢ ᠣᠷᠳᠣ ᠬᠤᠭᠤᠴᠠᠭ᠎ᠠ ᠪᠠᠷ ᠬᠢᠵᠠᠭᠠᠷᠯᠠᠵᠤ  ᠪᠠᠶᠢᠭᠰᠠᠨ ︽304︾ ᠮᠤᠵᠢ ᠶᠢᠨ ᠵᠠᠮ ᠤᠨ ᠪᠠᠶᠢᠭᠤᠯᠤᠯᠳᠠ ᠶᠢ ᠵᠢᠩᠬᠢᠨᠢ ᠪᠠᠷ ᠡᠬᠢᠯᠡᠬᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ   ᠲᠠᠢ ᠽᠢ ᠴᠡᠩ ᠠᠴᠠ ᠰᠢᠯᠢᠩᠬᠤᠳᠠ ᠬᠦᠷᠬᠦ ᠲᠡᠮᠦᠷ ᠵᠠᠮ ᠨᠢ ᠲᠠᠶᠢᠹᠤᠰᠧ ᠬᠤᠰᠢᠭᠤ ᠪᠠᠷ ᠥᠩᠭᠡᠷᠡᠬᠦ ᠶᠢᠨ ᠬᠠᠮᠲᠤ ᠥᠷᠲᠡᠭᠡ ᠪᠠᠶᠢᠭᠤᠯᠬᠤ ᠪᠠᠷ ᠲᠤᠭᠳᠠᠭᠠᠳ᠂  ᠠᠰᠢᠭᠯᠠᠯᠳᠠ ᠳᠤ ᠤᠷᠤᠭᠰᠠᠨ ᠤ ᠲᠠᠷᠠᠭ᠎ᠠ ᠮᠠᠨ ᠤ ᠬᠤᠰᠢᠭᠤ ᠠᠴᠠ ᠪᠡᠭᠡᠵᠢᠩ ᠣᠷᠣᠬᠤ ᠴᠠᠭ   ᠨᠢ ᠴᠠᠭ ᠬᠠᠭᠠᠰ ᠪᠣᠯᠭᠠᠨ ᠪᠤᠭᠤᠨᠢᠰᠴᠤ᠂  ᠲᠠᠶᠢᠹᠤᠰᠧ ᠬᠤᠰᠢᠭᠤᠨ ᠳᠤ ᠲᠡᠮᠦᠷ ᠵᠠᠮ ᠦᠭᠡᠢ ᠪᠠᠶᠢᠭᠰᠠᠨ ᠲᠡᠦᠬᠡ ᠶᠢ ᠡᠴᠦᠰᠯᠡᠬᠦᠯᠬᠦ ᠪᠠᠷ ᠪᠤᠯᠵᠠᠢ᠃  ᠠᠶᠤᠯᠬᠦᠢ ᠤᠰᠤ ᠤᠮᠳᠠ ᠶᠢᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂  13 ᠲᠦᠮᠡᠨ ᠮᠠᠯᠴᠢᠨ ᠲᠠᠷᠢᠶᠠᠴᠢᠨ ᠤ ᠠᠶᠤᠯ ᠦᠭᠡᠶ  ᠤᠰᠤ ᠤᠮᠳᠠ ᠶᠢᠨ ᠠᠰᠠᠭᠤᠳᠠᠯ ᠢ ᠰᠢᠶᠳᠪᠦᠷᠢᠯᠡᠪᠡ᠃ ᠬᠤ᠋ ᠯᠦ ᠢᠤᠢ ᠭᠤᠣᠯ ᠤᠨ ᠭᠸᠦ ᠮᠧᠨ ᠳᠠᠬᠢ ᠬᠡᠰᠡᠭ᠂ ᠪᠣᠤᠴᠠᠩ ᠪᠠᠯᠭᠠᠰᠤᠨ ᠤ ᠡᠮᠦᠨ᠎ᠡ ᠭᠤᠣᠯ ᠤᠨ ᠭᠤᠯᠳᠤᠷᠢᠯ᠂ ᠪᠢᠶᠠᠨ ᠴᠢᠶᠠᠩ ᠲᠣᠰᠬᠤᠨ ᠤ ᠦᠶᠡᠷ ᠰᠡᠷᠭᠡᠶᠢᠯᠡᠬᠦ ᠢᠨᠵᠧᠨᠧᠷᠢᠩ ᠢ ᠪᠡᠶᠡᠯᠡᠭᠦᠯᠵᠦ᠂ 117.5  ᠬᠠᠪᠳᠠᠭᠠᠢ ᠳᠥᠷᠪᠡᠯᠵᠢᠨ  ᠺᠢᠯᠤᠮᠧᠲᠷ ᠪᠠᠭ᠎ᠠ ᠰᠠᠪᠠ ᠭᠠᠵᠠᠷ ᠤᠨ ᠵᠠᠰᠠᠯᠲᠠ   ᠶᠢ  ᠬᠢᠪᠡ᠃  110 kv᠂ 35 kv   ᠤᠨ ᠴᠠᠬᠢᠯᠭᠠᠨ ᠱᠤᠭᠤᠮ ᠢ 26 ᠺᠢᠯᠤᠮᠧᠲᠷ ᠪᠠᠶᠢᠭᠤᠯᠵᠤ᠂ 176  ᠺᠢᠯᠤᠮᠧᠲᠷ  ᠬᠥᠳᠡᠭᠡ ᠲᠣᠰᠬᠤᠨ ᠤ ᠴᠠᠬᠢᠯᠭᠠᠨ ᠲᠣᠣᠷ   ᠲᠤ ᠦᠬᠡᠷᠡᠴᠢᠯᠡᠯᠳᠡ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠦᠬᠡᠷᠡᠴᠢᠯᠡᠨ ᠰᠢᠨᠡᠳᠭᠡᠭᠰᠡᠨ ᠨᠣᠷᠮ᠎ᠠ  100 % ᠳᠤ ᠬᠦᠷᠴᠡᠢ᠃  4G ᠶᠢᠨ ᠳᠣᠬᠢᠶᠠᠨ ᠤ ᠪᠦᠷᠬᠦᠴᠡ 96% ᠳᠤ ᠬᠦᠷᠴᠦ  ᠂ 5G ᠶᠢᠨ ᠰᠠᠭᠤᠷᠢ ᠥᠷᠲᠡᠭᠡ 12 ᠪᠠᠶᠢᠭᠤᠯᠤᠭᠳᠠᠪᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号