︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠠᠷᠪᠠᠨ ᠨᠢᠬᠡ
ᠨᠡᠶᠢᠲᠡᠯᠡᠭᠰᠡᠨ ᠴᠠᠭ᠄
2021/3/16
     ᠠᠷᠠᠳ ᠤᠨ ᠠᠮᠢᠳᠤᠷᠠᠯ ᠤᠨ  ᠪᠠᠳᠤᠯᠠᠭᠠᠨ ᠤ ᠲᠦᠪᠰᠢᠨ ᠲᠣᠭᠲᠠᠭᠤᠨ ᠢᠶᠠᠷ  ᠲᠡᠭᠡᠭᠰᠢᠯᠡᠭᠰᠡᠨ  ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ  ᠡᠳ᠋ ᠤᠨ ᠵᠠᠰᠠᠭ ᠠᠴᠠ ᠨᠡᠶᠢᠳᠡ  90 ᠳ᠋ᠦᠩᠰᠢᠭᠤᠷ ᠲᠥᠭᠦᠷᠢᠭ ᠤᠷᠤᠭᠤᠯᠤᠨ᠂   ᠲᠡᠭᠰᠢᠳᠭᠡᠭᠡᠳ ᠵᠢᠯ ᠤᠨ 18 ᠳ᠋ᠦᠩᠰᠢᠭᠤᠷ ᠲᠥᠭᠦᠷᠢᠭ ᠲᠤ  ᠬᠦᠷᠴᠦ᠂ ᠠᠷᠠᠳ ᠲᠦᠮᠡᠨ ᠤ ᠠᠰᠢᠭ ᠬᠦᠷᠳᠡᠮᠵᠢ ᠢᠯᠡᠷᠭᠡᠢ ᠨᠡᠮᠡᠭᠳᠡᠪᠡ᠃  4.7 ᠲᠦᠮᠡᠨ ᠠᠵᠢᠯ ᠤᠨ ᠪᠠᠶᠢᠷᠢ ᠡᠯᠰᠡᠵᠦ᠂ ᠮᠠᠯᠵᠢᠬᠤ ᠲᠠᠷᠢᠶᠠᠯᠠᠬᠤ ᠣᠷᠣᠨ ᠤ 2.7 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 5276 ᠲᠦᠮᠡᠨ ᠲᠥᠭᠦᠷᠢᠭ ᠤᠨ ᠦᠢᠯᠡᠰ ᠪᠦᠳᠦᠭᠡᠬᠦ ᠪᠠᠲᠤᠯᠠᠭᠠᠲᠤ ᠵᠢᠭᠡᠯᠡᠯᠭᠡ ᠲᠠᠷᠬᠠᠭᠠᠵᠠᠢ᠃  ᠪᠥᠬᠦ ᠬᠤᠰᠢᠭᠤᠨ ᠤ 17.78 ᠲᠦᠮᠡᠨ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠣᠵᠤ᠂ ᠡᠮ ᠡᠮᠨᠡᠯᠭᠡ ᠶᠢᠨ ᠲᠥᠷᠥ ᠶᠢᠨ ᠪᠣᠳᠣᠯᠭ᠎ᠠ ᠶᠢᠨ ᠳᠣᠲᠣᠷᠠᠬᠢ ᠲᠠᠩᠰᠠ ᠴᠠᠶᠢᠷᠠᠭᠤᠯᠬᠤ ᠬᠠᠷᠢᠴᠠᠯ 5 % ᠪᠠᠷ ᠳᠡᠭᠡᠭᠰᠢᠯᠡᠪᠡ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠤᠨ ᠠᠰᠠᠷᠠᠮᠵᠢ ᠬᠠᠷᠠᠭᠠᠯᠵᠠᠯ᠂ ᠵᠡᠮᠳᠡᠭᠴᠦᠳ   ᠲᠤ ᠤᠯᠭᠤᠬᠤ ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ ᠲᠡᠭᠡᠭᠰᠢᠯᠡᠬᠦᠯᠵᠦ᠂ ᠥᠨᠳᠥᠷ ᠨᠠᠰᠤᠨ  ᠤ  ᠨᠦᠬᠦᠪᠦᠷᠢ ᠣᠯᠭᠤᠬᠤ ᠬᠡᠪᠴᠢᠶ᠎ᠡ ᠶᠢ ᠪᠦᠬᠦᠯᠢ 77 ᠨᠠᠰᠤᠨ ᠠᠴᠠ ᠳᠡᠭᠡᠭᠰᠢ ᠬᠦᠷᠲᠡᠯ᠎ᠡ ᠦᠷᠭᠡᠳᠭᠡᠨ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ  ᠮᠦᠩᠬᠦ《 ᠠᠷᠪᠠᠨ ᠵᠢᠷᠭᠤᠭᠠᠨ ᠵᠢᠯ ᠳᠠᠷᠠᠭᠠᠯᠠᠨ  ᠨᠡᠮᠡᠭᠳᠡᠬᠦ 》 ᠶᠢ ᠪᠡᠶᠡᠯᠡᠭᠦᠯᠪᠡ᠃ ᠣᠷᠣᠨ ᠪᠦᠰᠡ ᠶᠢᠨ ᠴᠢᠨᠠᠷᠲᠠᠢ ᠠᠰᠠᠷᠠᠮᠵᠢ ᠡᠮᠴᠢᠯᠡᠭᠡ ᠤᠶᠠᠯᠳᠤᠭᠰᠠᠨ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠠᠰᠢᠭᠯᠠᠯᠲᠠ ᠳᠤ ᠣᠷᠣᠵᠤ᠂ ᠲᠥᠪᠯᠡᠷᠡᠭᠦᠯᠦᠨ ᠠᠰᠠᠷᠠᠬᠤ ᠨᠥᠬᠦᠴᠡᠯ ᠮᠡᠳᠡᠭᠳᠡᠬᠦᠶᠢᠴᠡ ᠰᠠᠶᠢᠵᠢᠷᠠᠵᠤ᠂  ᠪᠦᠬᠦ ᠤᠯᠤᠰ ᠤᠨ《 ᠨᠠᠰᠤᠲᠠᠨ   ᠢᠶᠠᠨ ᠬᠦᠨᠳᠦᠯᠡᠭᠰᠡᠨ ᠪᠣᠯᠪᠠᠰᠤᠨ ᠨᠢᠬᠡᠴᠡ 》 ᠪᠠᠷ  ᠴᠤᠯᠠᠯᠠᠭᠳᠠᠵᠤ᠂  ᠬᠤᠩ ᠵᠢᠩ ᠶᠤᠸᠠᠨ ᠺᠣᠮᠫᠠᠨᠢ ᠶᠢᠨ ᠠᠵᠢᠯᠲᠠᠨ ᠬᠤᠤ ᠶᠦᠩ ᠵᠢᠦᠢ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ  ᠪᠤᠯᠤᠭᠰᠠᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号