︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠠᠷᠪᠠᠨ ᠬᠤᠶᠠᠷ
ᠨᠡᠶᠢᠲᠡᠯᠡᠭᠰᠡᠨ ᠴᠠᠭ᠄
2021/3/16
                  ᠨᠡᠶᠢᠭᠡᠮ ᠤᠨ ᠦᠶᠯᠡᠰ ᠴᠡᠴᠡᠭᠯᠡᠨ ᠬᠦᠭᠵᠢᠭᠰᠡᠨ     ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ ᠢᠨᠵᠧᠨᠧᠷᠢᠩ ᠦᠨᠳᠦᠷ ᠪᠦᠲᠦᠮᠵᠢ ᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠤᠯᠤᠰ ᠤᠨ ᠰᠢᠯᠭᠠᠨ ᠪᠠᠶᠢᠴᠠᠭᠠᠯᠲᠠ  ᠳᠤ ᠬᠢᠷᠢ  ᠲᠡᠩᠴᠡᠭᠡᠳ᠂ ᠰᠤᠷᠭᠠᠨ ᠬᠥᠮᠦᠵᠢᠯ ᠤᠨ  ᠬᠢᠷᠢ ᠪᠦᠲᠦᠮᠵᠢ ᠶᠢᠨ ᠱᠠᠩᠨᠠᠯ ᠤᠨ ᠮᠥᠩᠭᠦ   ᠶᠢ ᠨᠡᠶᠢᠲᠡ 500 ᠲᠦᠮᠡᠨ ᠲᠥᠭᠦᠷᠢᠭ ᠲᠠᠷᠬᠠᠭᠠᠵᠤ᠂ ᠠᠵᠢᠯ ᠦᠢᠯᠡᠰ ᠤᠨ ᠣᠷᠣᠨ ᠲᠤᠭ᠎ᠠ ᠳᠤ 109 ᠨᠡᠷ᠎ᠡ᠂   ᠣᠨᠴᠠᠭᠠᠢ ᠠᠵᠢᠯ ᠤᠨ ᠪᠠᠶᠢᠷᠢ   ᠳᠤ 32 ᠨᠡᠷ᠎ᠡ  ᠂  ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢᠨ ᠳᠤ 195 ᠨᠡᠷ᠎ᠡ  ᠪᠠᠭᠰᠢ ᠶᠢ  ᠡᠯᠰᠡᠨ ᠭᠡᠷᠡᠭᠯᠡᠵᠦ᠂  1 .2 ᠲᠦᠮᠡᠨ ᠬᠥᠮᠦᠨ ︵ᠤᠳᠠᠭ᠎ᠠ  ︶ ᠡᠯ᠎ᠡ ᠱᠠᠲᠤᠨ ᠤ ᠡᠯ᠎ᠡ ᠲᠥᠷᠥᠯ ᠤᠨ ᠪᠣᠯᠪᠠᠰᠤᠷᠠᠯ   ᠳᠤ ᠤᠷᠤᠯᠴᠠᠨ᠂ ᠮᠣᠩᠭᠤᠯ ᠰᠤᠷᠭᠠᠭᠤᠯᠢ ᠶᠢᠨ ᠥᠨᠳᠥᠷ ᠳᠤᠮᠳᠠᠳᠤ   ᠳᠤ ᠲᠡᠪᠰᠢᠬᠦ ᠰᠢᠯᠭᠠᠯᠲᠠ ᠶᠢᠨ ᠬᠢᠷᠢ ᠪᠦᠲᠦᠮᠵᠢ 4 ᠵᠢᠯ ᠳᠠᠷᠠᠭᠠᠯᠠᠨ ᠪᠦᠬᠦ ᠠᠶᠢᠮᠠᠭ ᠲᠤ ᠲᠡᠷᠢᠬᠦᠯᠡᠵᠡᠢ᠃  ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ 4᠂   ᠬᠥᠳᠡᠭᠡ ᠲᠣᠰᠬᠤᠨ ᠤ ᠵᠢᠭᠠᠨ ᠰᠤᠷᠭᠠᠬᠤ  ᠴᠡᠭ 2 ᠢ ᠪᠠᠶᠢᠭᠤᠯᠵᠤ᠂   ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠂ ᠮᠣᠩᠭᠤᠯ  ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠵᠢᠴᠢ 10 ᠲᠤᠮᠳᠠᠳᠤ  ᠪᠠᠭ᠎ᠠ ᠰᠤᠷᠭᠠᠭᠤᠯᠢ ᠶᠢᠨ ᠰᠦᠯᠢᠶᠤᠤ ᠭᠤᠮ ᠪᠦᠳᠦᠴᠡᠳᠦ ᠲᠠᠮᠢᠷ ᠤᠨ ᠲᠠᠯᠠᠪᠠᠶ᠂ 5 ᠰᠤᠷᠭᠠᠭᠤᠯᠢ ᠶᠢᠨ ᠰᠠᠷᠠᠪᠴᠢᠳᠤ ᠲᠠᠮᠢᠷ ᠤᠨ ᠲᠠᠯᠠᠪᠠᠶ ᠵᠡᠷᠭᠡ  ᠪᠦᠳᠦᠬᠡᠨ ᠪᠠᠶᠢᠭᠤᠯᠤᠯᠳᠠ   ᠶᠢᠨ ᠲᠦᠷᠦᠯ ᠵᠦᠢᠯ ᠢ ᠤᠷᠤᠭᠰᠢᠲᠠᠶ ᠭᠡᠷᠡᠭᠵᠢᠬᠦᠯᠦᠨ᠂ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠶ ᠪᠥᠭᠡᠳ ᠴᠢᠨᠠᠷ ᠰᠠᠶᠢᠲᠠᠶ ᠬᠥᠭᠵᠢᠯᠲᠡ ᠶᠢ ᠪᠠᠳᠤᠯᠠᠭᠰᠠᠨ ᠪᠠᠶᠢᠨ᠎ᠠ᠃  ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ  ᠬᠦᠨᠵᠡᠬᠡᠶᠢᠷᠡᠬᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ᠂ 3 ᠰᠠᠭᠤᠷᠢ ᠡᠷᠡᠭᠦᠯ ᠬᠠᠮᠠᠭᠠᠯᠠᠯ ᠤᠨ ᠬᠤᠷᠢᠶ᠎ᠠ ᠪᠠ 11 ᠰᠠᠭᠤᠷᠢ ᠮᠣᠩᠭᠤᠯ ᠬᠢᠲᠠᠳ ᠡᠮᠨᠡᠯᠭᠡ ᠶᠢᠨ ᠭᠠᠵᠠᠷ ᠠᠰᠢᠭᠯᠠᠯᠲᠠ ᠳᠤ ᠤᠷᠤᠵᠤ᠂  ᠬᠤᠰᠢᠭᠤ ᠡᠮᠨᠡᠯᠭᠡ ᠶᠢᠨ ᠬᠤᠷᠢᠶ᠎ᠠ ᠨᠢ ᠬᠠᠯᠳᠠᠪᠤᠷᠢᠲᠤ ᠡᠪᠡᠳᠴᠢᠨ᠂ ᠮᠡᠳᠡᠷᠡᠯ ᠤᠨ ᠡᠪᠡᠳᠴᠢᠨ ᠤ ᠲᠤᠰᠬᠠᠢ ᠰᠠᠯᠠᠭ᠎ᠠ ᠲᠠᠰᠤᠭ ᠢ ᠰᠢᠨ᠎ᠡ ᠪᠠᠷ  ᠪᠠᠶᠢᠭᠤᠯᠤᠨ᠂ ᠴᠢᠰᠤ ᠨᠡᠪᠴᠢᠭᠦᠯᠦᠨ ᠢᠯᠭᠠᠷᠠᠭᠤᠯᠬᠤ᠂ ᠴᠥᠮ᠎ᠡ ᠶᠢᠨ ᠰᠣᠷᠢᠨᠵᠢᠨ ᠢᠶᠠᠷ ᠪᠠᠶᠢᠴᠠᠭᠠᠬᠤ  ᠂ 64  ᠮᠦᠷᠳᠦ CT ᠵᠡᠷᠭᠡ ᠲᠡᠷᠢᠭᠦᠨ ᠤ  ᠲᠥᠬᠦᠭᠡᠷᠦᠮᠵᠢ ᠶᠢ ᠤᠷᠤᠭᠤᠯᠵᠤ  ᠭᠡᠷᠡᠭᠯᠡᠪᠡ᠃ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠤᠭᠠᠨ᠎ᠠ ᠶᠢᠨ ᠬᠢᠵᠢᠭ ᠪᠠᠶᠢᠴᠠᠭᠠᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂   ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠤᠷᠤᠨ ᠤ ᠲᠡᠰ ᠤᠨ  ᠵᠢᠱᠢᠶ᠎ᠡ ᠦᠵᠡᠬᠦᠯᠬᠦ ᠬᠤᠰᠢᠭᠤ ᠪᠠ  ᠡᠷᠡᠬᠦᠯ ᠬᠠᠮᠠᠭᠠᠯᠠᠯ ᠤᠨ ᠬᠤᠳᠠ ᠪᠠᠯᠭᠠᠰᠤ ᠶᠢ ᠠᠮᠵᠢᠯᠳᠠᠳᠠᠢ ᠡᠬᠦᠳᠦᠨ ᠪᠠᠶᠢᠭᠤᠯᠤᠭᠠᠳ᠂  ᠡᠮᠨᠡᠯᠭᠡ ᠶᠢᠨ ᠪᠠᠳᠤᠯᠠᠭᠠᠨ ᠤ  ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠬᠢᠷᠢ ᠴᠢᠳᠠᠪᠤᠷᠢ ᠮᠡᠳᠡᠭᠳᠡᠮ᠎ᠡ ᠲᠡᠭᠡᠭᠰᠢᠯᠡᠯᠳᠡ ᠲᠠᠢ ᠪᠤᠯᠵᠠᠢ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ  ᠰᠠᠭᠤᠷᠢᠨ ᠭᠠᠵᠠᠷ ᠪᠣᠯᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 3 ᠶᠢ ᠰᠢᠨ᠎ᠡ ᠪᠠᠷ ᠪᠠᠶᠢᠭᠤᠯᠵᠤ᠂ ᠵᠡᠮᠳᠡᠭᠴᠦᠳ ᠢ ᠨᠠᠶᠢᠳᠠᠨ ᠠᠰᠠᠷᠠᠬᠤ ᠲᠥᠪ᠂ ᠭᠠᠯ ᠤᠨᠲᠠᠷᠠᠭᠠᠬᠤ ᠥᠷᠲᠡᠭᠡ ᠵᠢᠴᠢ ᠪᠡᠶ᠎ᠡ  ᠴᠢᠬᠢᠷᠠᠭᠵᠢᠭᠤᠯᠬᠤ ᠣᠷᠳᠣᠨ ᠢ  ᠰᠢᠨ᠎ᠡ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠣᠯᠤᠨ ᠨᠡᠶᠢᠲᠡ ᠶᠢᠨ ᠣᠩᠭᠤᠨ ᠤ  ᠪᠠᠶᠢᠭᠤᠯᠤᠯᠳᠠ ᠶᠢ  ᠡᠬᠢᠯᠡᠬᠦᠯᠪᠡ᠃ 3045 ᠨᠡᠷ᠎ᠡ ᠴᠡᠷᠢᠭ ᠤᠨ ᠠᠯᠪᠠ ᠠᠴᠠ ᠬᠠᠯᠠᠭᠳᠠᠭᠰᠳ ᠪᠠ ᠪᠤᠰᠤᠳ ᠬᠠᠷᠠᠭᠠᠯᠵᠠᠬᠤ ᠨᠢᠭᠤᠷᠯᠠᠯ ᠤᠨ ᠮᠡᠳᠡᠭᠡ ᠵᠠᠩᠬᠢ ᠶᠢ ᠴᠤᠭᠯᠠᠭᠤᠯᠵᠤ ᠬᠠᠷᠭᠤᠭᠤᠯᠬᠤ ᠠᠵᠢᠯ ᠢ ᠬᠢᠵᠦ᠂ ᠦᠷᠡᠭᠳᠡᠭᠰᠡᠨ ᠪᠠᠭᠠᠳᠤᠷ ᠤᠨ ᠭᠡᠷ ᠪᠦᠯᠢ᠂ ᠴᠡᠷᠢᠭ ᠤᠨ ᠭᠡᠷ ᠪᠦᠯᠢ ᠪᠤᠯᠤᠨ ᠬᠠᠯᠠᠭᠳᠠᠭᠰᠠᠨ ᠴᠡᠷᠢᠭ ᠵᠡᠷᠭᠡ ᠳᠤ ᠢᠷᠠᠭᠤ ᠠᠯᠳᠠᠷ ᠤᠨ ᠢᠯᠡᠷᠭᠡᠶᠢᠯᠡᠯ ᠤᠯᠭᠤᠭᠰᠠᠨ ᠤ ᠬᠠᠮᠳᠤ ᠦᠷᠡᠭᠳᠡᠭᠰᠡᠨ ᠪᠠᠭᠠᠳᠤᠷᠴᠤᠳ ᠤᠨ ᠤᠩᠭᠤᠨ ᠤ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠢ ᠵᠠᠰᠠᠨ ᠦᠷᠭᠡᠳᠭᠡᠪᠡ᠃  ᠲᠣᠮᠣ ᠬᠡᠯᠪᠡᠷᠢ ᠶᠢᠨ ᠴᠢᠯᠦᠬᠡᠳᠦ ᠳᠡᠯᠭᠡᠭᠦᠷ 3 ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠰᠠᠶᠢᠵᠢᠷᠠᠭᠤᠯᠵᠤ᠂ ᠠᠵᠢᠯᠲᠠᠨ ᠠᠵᠢᠯᠴᠢᠨ ᠤ ᠰᠣᠶᠣᠯ  ᠲᠠᠮᠢᠷ ᠤᠨ ᠬᠦᠳᠡᠯᠪᠦᠷᠢ ᠶᠢᠨ ᠲᠥᠪ  4 ᠶᠢ  ᠪᠠᠶᠢᠭᠤᠯᠤᠨ᠂ ᠪᠦᠬᠦ ᠠᠶᠢᠮᠠᠭ ᠤᠨ ᠬᠤᠰᠢᠭᠤ ᠰᠢᠶᠠᠨ ᠱᠠᠳᠤᠨ ᠤ ᠠᠩᠬᠠᠳᠠᠭᠴᠢ ᠺᠢᠨᠣ᠋ ᠶᠢᠨ ᠣᠷᠳᠣᠨ 2017 ᠣᠨ ᠳᠤ ᠠᠰᠢᠭᠯᠠᠯᠲᠠ ᠳᠤ ᠤᠷᠤᠵᠠᠢ᠃ ᠰᠣᠶᠣᠯ ᠤᠨ ᠠᠵᠢᠯᠯᠠᠭ᠎ᠠ ᠪᠠ ᠲᠠᠮᠢᠷ ᠤᠨ ᠬᠦᠳᠡᠯᠬᠡᠬᠡᠨ ᠢ ᠢᠳᠡᠪᠬᠢᠳᠡᠢ ᠦᠷᠨᠢᠬᠦᠯᠵᠦ  ᠂ ᠤᠯᠠᠭᠠᠨᠮᠥ᠋ᠴᠢᠷ ᠤᠨ ᠤᠷᠠᠯᠢᠭ ᠤᠨ ᠲᠥᠪ ᠪᠠ ᠬᠤᠰᠢᠭᠤᠨ ᠤ ᠤᠮᠪᠠᠯᠲᠠ ᠶᠢᠨ ᠣᠷᠳᠣᠨ ᠤ ᠪᠠᠷᠢᠯᠭ᠎ᠠ ᠶᠢ ᠡᠬᠢᠯᠡᠭᠰᠡᠨ ᠪᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号