︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠠᠷᠪᠠᠨ  ᠭᠤᠷᠪᠠ
ᠨᠡᠶᠢᠲᠡᠯᠡᠭᠰᠡᠨ ᠴᠠᠭ᠄
2021/3/16
  ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠠᠮᠤᠷ ᠲᠣᠭᠲᠠᠭᠤᠨ ᠪᠠᠶᠢᠳᠠᠯ ᠢᠶᠠᠨ ᠬᠠᠳᠠᠭᠠᠯᠠᠭᠰᠠᠨ         ᠬᠠᠤᠯᠢ ᠶᠢᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ 《 ᠣᠶᠤᠨᠴᠢ ᠬᠠᠤᠯᠢ ᠴᠠᠭᠠᠵᠠ 》 ᠶᠢᠨ ᠦᠢᠯᠡᠴᠢᠯᠡᠭᠡᠨ ᠤ ᠲᠠᠪᠴᠠᠩ   ᠢ ᠠᠰᠢᠭᠯᠠᠯᠲᠠ ᠳᠤ ᠤᠷᠤᠭᠤᠯᠤᠨ᠂  ᠤᠳᠤᠷᠢᠳᠤᠯᠭ᠎ᠠ ᠬᠡᠷᠡᠭ ᠳᠠᠭᠠᠭᠠᠴᠢᠯᠠᠬᠤ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ  ᠬᠤᠯᠪᠤᠭᠠᠳᠤ ᠬᠤᠷᠠᠯᠳᠤᠭᠠᠨ ᠤ ᠳᠦᠷᠢᠮ  ᠵᠡᠷᠭᠡ ᠶᠢ  ᠨᠢᠮᠪᠠᠢ ᠨᠠᠶᠢᠳᠠᠪᠤᠷᠢᠵᠢᠭᠤᠯᠵᠤ᠂   ᠨᠢᠬᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠬᠦᠴᠢᠷ ᠲᠦᠪᠡᠭᠲᠡᠢ ᠠᠰᠠᠭᠤᠳᠠᠯ ᠢ  ᠰᠢᠢᠳᠪᠦᠷᠢᠯᠡᠪᠡ᠃ ᠠᠶᠤᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠠᠶᠤᠯᠬᠦᠢ ᠦᠶᠯᠡᠳᠪᠦᠷᠢᠯᠡᠯ ᠤᠨ ᠲᠣᠭᠲᠠᠭᠤᠨ ᠪᠠᠶᠢᠳᠠᠯ ᠢ  ᠪᠠᠳᠤᠯᠠᠭᠰᠠᠨ ᠪᠠᠶᠢᠨ᠎ᠠ᠃  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠦᠷᠨᠢᠬᠦᠯᠦᠨ᠂ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠣᠭᠳᠠᠭᠰᠠᠨ 10 ᠬᠡᠷᠡᠭ ᠢ ᠳᠡᠩᠨᠡᠨ ᠢᠯᠡᠷᠡᠭᠦᠯᠵᠦ᠂ 46 ᠨᠡᠷ᠎ᠡ  ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠠᠢ᠃  271 ᠤᠳᠠᠭᠠᠨ ᠤ ᠡᠷᠡᠭᠦᠦ ᠶᠢᠨ ᠬᠡᠷᠡᠭ ᠢ ᠢᠯᠡᠷᠡᠭᠦᠯᠵᠦ᠂ 1099 ᠤᠳᠠᠭᠠᠨ ᠤ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠶᠳᠪᠦᠷᠢᠯᠡᠪᠡ᠃ ᠦᠨᠳᠦᠰᠦᠨ ᠱᠠᠲᠤᠨ ᠤ ᠴᠠᠭᠳᠠᠭᠠᠨ  ᠤ ᠶᠠᠪᠤᠳᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ  ᠴᠢᠩᠭᠠᠳᠬᠠᠨ᠂ 112 ᠲᠤᠰᠠᠯᠠᠬᠤ ᠴᠠᠭᠳᠠᠭ᠎ᠠ ᠶᠢ  ᠡᠯᠰᠡᠨ ᠬᠡᠷᠡᠭᠯᠡᠵᠦ᠂ 176 ᠭᠠᠴᠠᠭ᠎ᠠ ᠲᠣᠰᠬᠤᠨ ᠳᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠲᠤᠬᠢᠷᠠᠭᠤᠯᠤᠭᠠᠳ᠂ 《  ᠭᠠᠴᠠᠭ᠎ᠠ ᠲᠣᠰᠬᠤᠨ ᠪᠤᠯᠭᠠᠨ ᠳᠤ ᠴᠠᠭᠳᠠᠭ᠎ᠠ ᠲᠠᠢ ᠪᠠᠶᠢᠬᠤ 》 ᠬᠠᠷᠠᠯᠲᠠ ᠶᠢ ᠪᠡᠶᠡᠯᠡᠭᠦᠯᠪᠡ᠃ ᠲᠠᠶᠢᠹᠤᠰᠧ ᠬᠤᠰᠢᠭᠤᠨ ᠤ ᠰᠢᠭᠦᠬᠦ ᠬᠤᠷᠢᠶ᠎ᠠ   ᠨᠢ《 ᠪᠦᠬᠦ ᠤᠯᠤᠰ ᠤᠨ ᠰᠢᠯᠢᠳᠡᠭ ᠰᠢᠭᠦᠬᠦ ᠬᠤᠷᠢᠶ᠎ᠠ 》 ᠪᠠᠷ ᠴᠤᠯᠠᠯᠠᠭᠳᠠᠵᠤ᠂ ᠰᠢᠨ᠎ᠡ   ᠪᠠᠷ ᠪᠠᠶᠢᠭᠤᠯᠤᠭᠰᠠᠨ ᠰᠢᠭᠦᠨ ᠲᠠᠰᠤᠯᠬᠤ ᠲᠢᠩᠬᠢᠮ ᠤᠨ ᠪᠠᠷᠢᠯᠭ᠎ᠠ ᠲᠡᠬᠦᠰᠴᠡᠢ᠃ ᠪᠦᠬᠦ ᠤᠯᠤᠰ᠂ ᠪᠦᠬᠦ ᠣᠷᠣᠨ ᠤ ᠭᠤᠣᠯᠳᠠᠯᠭ᠎ᠠ ᠲᠠᠢ ᠴᠠᠭ  ᠬᠤᠭᠤᠴᠠᠭᠠᠨ ᠤ ᠠᠮᠤᠷ ᠢ ᠬᠠᠮᠠᠭᠠᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠰᠠᠨ ᠬᠤᠤ ᠳ᠋ᠢ ᠪᠠᠶᠢᠴᠠᠭᠠᠬᠤ ᠥᠷᠲᠡᠭᠡ   ᠶᠢ《 ᠪᠦᠬᠦ ᠤᠯᠤᠰ   ᠤᠨ ᠳᠣᠲᠣᠭᠠᠳᠤ ᠶᠢ ᠬᠠᠮᠠᠭᠠᠯᠠᠬᠤ  ᠠᠵᠢᠯ ᠤᠨ ᠦᠨᠳᠦᠰᠦᠨ ᠱᠠᠲᠤᠨ ᠤ ᠰᠢᠯᠢᠳᠡᠭ ᠨᠢᠭᠡᠴᠡ 》 ᠪᠠᠷ ᠴᠤᠯᠠᠯᠠᠭᠰᠠᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号