︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠤᠷᠠᠶᠢᠮ᠎ᠠ ᠠᠮᠵᠢᠯᠳᠠ —  ᠠᠷᠪᠠᠨ  ᠲᠦᠷᠪᠡ
ᠨᠡᠶᠢᠲᠡᠯᠡᠭᠰᠡᠨ ᠴᠠᠭ᠄
2021/3/16
 ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠶᠴᠡᠳᠬᠡᠬᠦ ᠶᠢ ᠪᠠᠷᠢᠮᠲᠠᠯᠠᠵᠤ   ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠲᠠᠰᠤᠷᠠᠯᠲᠠ ᠥᠬᠡᠶ ᠲᠡᠭᠡᠭᠰᠢᠯᠡᠭᠰᠡᠨ        ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ  ᠶᠢ ᠨᠠᠷᠢᠨ ᠨᠢᠮᠪᠠᠢ ᠲᠤᠤᠱᠯᠠᠭᠤᠯᠤᠨ᠂ 《 ᠵᠠᠰᠠᠭ ᠤᠨ ᠣᠷᠳᠣᠨ ᠠᠷᠪᠢᠯᠠᠨ ᠠᠮᠢᠳᠤᠷᠠᠵᠤ᠂ ᠣᠯᠠᠨ ᠲᠦᠮᠡᠨ ᠰᠠᠶᠢᠬᠠᠨ ᠠᠮᠢᠳᠤᠷᠠᠬᠤ 》 ᠠᠷᠭ᠎ᠠ  ᠪᠤᠳᠤᠯᠭ᠎ᠠ ᠶᠢ ᠭᠡᠷᠡᠭᠵᠢᠬᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢ  ᠬᠠᠮᠢᠶᠠᠷᠴᠤ  ᠭᠡᠷᠡᠭᠯᠡᠬᠦ ᠪᠠᠨ ᠴᠢᠩᠭᠠᠳᠬᠠᠪᠠ᠃《 ᠭᠤᠷᠪᠠᠨ ᠴᠢᠬᠤᠯᠠ ᠨᠢᠭᠡ ᠶᠡᠭᠡ 》 ᠶᠠᠪᠤᠳᠠᠯ ᠳᠤ ᠬᠠᠮᠲᠤ ᠪᠠᠷ  ᠰᠢᠢᠳᠪᠦᠷᠢ ᠭᠠᠷᠭᠠᠬᠤ ᠲᠦᠷᠢᠮ ᠢ  ᠴᠢᠩᠭ᠎ᠠ ᠭᠡᠷᠡᠭᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠶᠢ ᠨᠡᠶᠢᠲᠡ 1048 ᠬᠤᠪᠢ  ᠬᠦᠢᠴᠡᠳᠭᠡᠵᠦ᠂  ᠬᠦᠢᠴᠡᠳᠭᠡᠭᠰᠡᠨ ᠨᠤᠷᠮ᠎ᠠ 100 % ᠳᠤ ᠬᠦᠷᠴᠡᠢ᠃ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠨ᠎ᠡ ᠲᠢᠩᠬᠢᠮ ᠢ ᠠᠰᠢᠭᠯᠠᠯᠲᠠ ᠳᠤ ᠣᠷᠣᠭᠤᠯᠤᠨ᠂ ᠲᠢᠩᠬᠢᠮ ᠳᠤ  ᠤᠷᠤᠭᠰᠠᠨ ᠨᠢᠭᠡᠴᠡ 30 ᠪᠤᠯᠤᠨ ᠨᠡᠮᠡᠭᠳᠡᠵᠦ᠂  ᠦᠢᠯᠡᠴᠢᠯᠡᠬᠦ ᠲᠠᠪᠴᠠᠩ 114  ᠪᠤᠯᠵᠤ ᠨᠡᠮᠡᠭᠳᠡᠨ᠂ 220 ᠭᠠᠷᠤᠶ ᠵᠦᠢᠯ ᠤᠨ ᠠᠵᠢᠯ ᠶᠠᠪᠤᠳᠠᠯ ᠢ ᠦᠶᠯᠡᠴᠢᠯᠡᠭᠡᠨ  ᠤ ᠲᠢᠩᠬᠢᠮ ᠳᠤ ᠣᠷᠣᠭᠤᠯᠵᠤ᠂ 179 ᠦᠶᠯᠡᠴᠢᠯᠡᠭᠡᠨ ᠤ ᠵᠦᠶᠯᠡᠰ ᠢ 《  ᠨᠢᠬᠡᠯᠡ ᠤᠳᠠᠭ᠎ᠠ ᠳᠤ ᠭᠦᠶᠴᠡᠳᠬᠡᠬᠦ 》 ᠶᠢ ᠪᠡᠶᠡᠯᠡᠬᠦᠯᠦᠨ᠂ ᠰᠦᠯᠵᠢᠶ᠎ᠡ  ᠲᠡᠭᠡᠷ᠎ᠡ ᠭᠦᠶᠴᠡᠳᠬᠡᠬᠦ ᠨᠣᠷᠮ᠎ᠠ 88 .3 % ᠳᠤ  ᠬᠦᠷᠪᠡ᠃  ᠰᠤᠮᠤ ᠰᠢᠶᠠᠩ ᠪᠠᠯᠭᠠᠰᠤᠨ ᠤ ᠠᠵᠢᠯ ᠦᠶᠯᠡᠰ ᠤᠨ ᠥᠷᠲᠡᠭᠡ ᠰᠠᠯᠪᠤᠷᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 77  ᠲᠦᠷᠦᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠭᠡ ᠶᠢ ᠳᠣᠷᠣᠭᠰᠢ  ᠪᠠᠭᠤᠯᠭᠠᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠬᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠭᠠᠵᠠᠷ ᠰᠢᠷᠣᠶ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ ᠶᠢᠨ ᠨᠤᠳ᠋ᠯᠠᠯᠳᠠ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢ ᠪᠥᠬᠦ ᠲᠠᠯ᠎ᠠ  ᠪᠠᠷ  ᠦᠷᠨᠢᠬᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢᠨ ᠪᠥᠬᠦ ᠶᠠᠪᠤᠴᠠ ᠳᠤ ᠬᠠᠮᠢᠶᠠᠷᠤᠨ ᠡᠵᠡᠮᠳᠡᠬᠦ ᠪᠠ  ᠬᠢᠨᠠᠯᠲᠠ ᠲᠠᠯᠪᠢᠬᠤ ᠶᠢ  ᠴᠢᠩᠭᠠᠳᠬᠠᠨ᠂ ᠡᠯ᠎ᠡ ᠲᠥᠷᠥᠯ ᠤᠨ ᠰᠠᠬᠢᠯᠭ᠎ᠠ ᠪᠠᠲᠤ ᠬᠠᠤᠯᠢ ᠲᠦᠷᠢᠮ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠡᠢ᠃  ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ 《 ᠳᠣᠯᠣᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠡᠭᠦᠷᠭᠡ ᠶᠢ ᠤᠷᠤᠭᠰᠢᠲᠠᠢ ᠪᠡᠶᠡᠯᠡᠬᠦᠯᠵᠦ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠬᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠬᠦᠴᠦᠨ ᠢᠶᠠᠷ ᠢᠶᠠᠨ  ᠪᠠᠳᠤᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠡᠭᠡ ᠰᠠᠶᠢᠨ ᠪᠠᠶᠢᠳᠠᠯ ᠢ ᠦᠷᠭᠦᠯᠵᠢᠯᠡᠨ ᠪᠠᠬᠢᠵᠢᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号