2021 ᠤᠨ ᠤ ᠭᠤᠤᠯᠳᠠᠯᠭ᠎ᠠ ᠲᠠᠢ ᠠᠵᠢᠯ  — ᠨᠢᠭᠡ
ᠨᠡᠶᠢᠲᠡᠯᠡᠭᠰᠡᠨ ᠴᠠᠭ᠄
2021/3/29
 — ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ    ᠤᠨᠴᠠᠯᠢᠬᠳᠤ ᠲᠠᠷᠢᠶᠠᠯᠠᠩ ᠤᠨ ᠭᠠᠷᠤᠯᠲᠠ ᠶᠢᠨ ᠣᠷᠣᠨ ᠤ ᠳᠠᠪᠠᠭᠤᠯᠢᠭ   ᠲᠠᠭᠠᠨ ᠰᠠᠭᠤᠷᠢᠯᠠᠨ᠂  ᠲᠦᠮᠦᠰᠦ  ᠂ ᠶᠠᠮᠠ ᠶᠢᠨ  ᠦᠷ᠎ᠡ  ᠂   ᠶᠢᠦᠮᠠᠢ᠂ ᠪᠣᠭᠤᠳᠠᠶ᠂  ᠡᠮ ᠤᠨ ᠮᠠᠲ᠋ᠧᠷᠢᠶᠠᠯ᠂ ᠣᠷᠭᠠᠨᠢᠭ ᠢᠳᠡᠰᠢᠨ ᠨᠣᠭᠤᠭ᠎ᠠ᠂ ᠰᠢᠬᠢᠷ ᠯᠤᠤᠪᠠᠩ᠂ ᠥᠨᠳᠥᠷ ᠤᠨᠠᠯᠳᠠᠳᠤ ᠪᠣᠷᠳᠤᠭ᠎ᠠ᠂  ᠨᠡᠷᠡᠨ ᠬᠤᠸᠠᠷ᠂ ᠢᠨᠳᠢᠶᠠᠨ ᠠᠮᠤ ᠳᠠᠷᠢᠬᠤ ᠪᠠᠷ ᠭᠤᠤᠯ ᠪᠣᠯᠭᠠᠭᠰᠠᠨ 10  ᠵᠤᠷᠪᠤᠰ ᠦᠶᠯᠡᠳᠪᠦᠷᠢᠯᠡᠯ ᠪᠣᠯᠪᠠᠰᠤᠷᠠᠭᠤᠯᠤᠯᠲᠠ ᠪᠣᠷᠣᠯᠠᠭᠤᠯᠭ᠎ᠠ ᠶᠢᠨ  ᠬᠡᠯᠬᠢᠶ᠎ᠡ ᠶᠢ ᠪᠥᠬᠦ ᠬᠦᠴᠦᠨ ᠢᠶᠠᠷ ᠴᠣᠭᠴᠠᠯᠠᠵᠤ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ᠂ ᠣᠲᠣ ᠦᠶ᠎ᠡ ᠶᠢᠨ ᠲᠠᠷᠢᠶᠠᠯᠠᠩ ᠤᠨ  ᠰᠢᠨᠵᠢᠯᠡᠭᠡ ᠮᠡᠷᠭᠡᠵᠢᠯ ᠤᠨ ᠬᠦᠷᠢᠶᠡᠯᠡᠩ   ᠤᠨ ᠪᠠᠶᠢᠭᠤᠯᠤᠯᠳᠠ ᠶᠢ ᠡᠬᠢᠯᠡᠬᠦᠯᠦᠨ᠎ᠡ᠃ ᠪᠦᠬᠦ ᠵᠢᠯ ᠤᠨ ᠠᠮᠤ ᠪᠤᠳᠠᠭᠠᠨ ᠤ ᠲᠠᠷᠢᠮᠠᠯ ᠢ 96 ᠲᠦᠮᠡᠨ ᠮᠦ ᠳᠤ ᠲᠣᠭᠲᠠᠪᠤᠷᠢᠵᠢᠭᠤᠯᠵᠤ᠂ ᠰᠢᠬᠢᠷ ᠯᠤᠤᠪᠠᠩ᠂ ᠡᠮ ᠤᠨ ᠮᠠᠲ᠋ᠧᠷᠢᠶᠠᠯ᠂ ᠣᠷᠭᠠᠨᠢᠭ ᠢᠳᠡᠰᠢᠨ ᠨᠣᠭᠤᠭ᠎ᠠ᠂ ᠲᠣᠰᠣᠯᠢᠭ ᠲᠠᠷᠢᠮᠠᠯ  ᠵᠡᠷᠭᠡ ᠠᠵᠤ ᠠᠬᠤᠢ ᠶᠢᠨ ᠲᠠᠷᠢᠮᠠᠯ  ᠢ 30 ᠲᠦᠮᠡᠨ ᠮᠦ ᠳᠤ ᠬᠢᠵᠠᠭᠠᠷᠯᠠᠨ᠂  16 ᠲᠦᠮᠡᠨ ᠮᠤ᠋ ᠡᠪᠡᠰᠦ ᠪᠤᠷᠳᠤᠭ᠎ᠠ ᠲᠠᠷᠢᠵᠤ᠂ 8 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ᠎ᠠ᠃  ᠡᠤ ᠹᠧᠩ ᠣᠲᠣ ᠦᠶ᠎ᠡ ᠶᠢᠨ ᠮᠠᠯ ᠠᠵᠤ ᠠᠬᠤᠶ  ᠶᠢᠨ ᠺᠤᠮᠫᠠᠨᠢ ᠵᠡᠷᠭᠡ  ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠣᠲᠣ ᠦᠶ᠎ᠡ ᠶᠢᠨ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂  ᠪᠤᠷᠳᠤᠨ ᠲᠡᠵᠢᠬᠡᠵᠦ ᠦᠷᠡᠵᠢᠬᠦᠯᠦᠨ ᠪᠤᠶᠢᠵᠢᠭᠤᠯᠬᠤ ᠲᠤᠳᠠᠭᠤᠳᠠᠯ ᠢ ᠨᠦᠬᠦᠪᠦᠷᠢᠯᠡᠨ᠎ᠡ᠃  ᠡᠨᠡ ᠵᠢᠯ  ᠰᠠᠶᠢᠨ ᠡᠭᠦᠯᠳᠡᠷ ᠤᠨ ᠮᠢᠬᠠᠨ ᠤ ᠦᠬᠡᠷ 1000    ᠶᠢ ᠣᠷᠣᠭᠤᠯᠤᠨ᠂ ᠮᠢᠩᠭᠠᠨ ᠲᠣᠯᠣᠭᠠᠢ ᠶᠢᠨ ᠬᠡᠪᠴᠢᠶ᠎ᠡ ᠲᠠᠢ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠦᠢᠯᠡᠳᠪᠦᠷᠢ  2   ᠶᠢ  ᠪᠠᠶᠢᠭᠤᠯᠵᠤ᠂  ᠰᠠᠶᠢᠨ ᠡᠭᠦᠯᠳᠡᠷ ᠤᠨ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ 12   ᠢ  ᠪᠠᠶᠢᠭᠤᠯᠤᠨ᠂  7 ᠲᠦᠮᠡᠨ ᠬᠠᠪᠳᠠᠭᠠᠢ  ᠳᠥᠷᠪᠡᠯᠵᠢᠨ ᠮᠧᠲᠷ ᠳᠤᠯᠠᠭᠠᠨ  ᠬᠦᠯᠡᠮᠵᠢ᠂ 5 ᠲᠦᠮᠡᠨ ᠬᠠᠪᠳᠠᠭᠠᠢ  ᠳᠥᠷᠪᠡᠯᠵᠢᠨ ᠮᠧᠲᠷ ᠡᠪᠡᠰᠦᠨ ᠤ  ᠫᠧᠩ᠂ 1 ᠲᠦᠮᠡᠨ ᠪᠣᠰᠤᠭ᠎ᠠ ᠳᠥᠷᠪᠡᠯᠵᠢᠨ ᠮᠧᠲᠷ  ᠨᠣᠭᠤᠭᠠᠨ ᠳᠠᠷᠤᠰᠢ ᠶᠢᠨ ᠵᠣᠭᠤᠷᠢ ᠶᠢ ᠪᠠᠶᠢᠭᠤᠯᠤᠨ᠎ᠠ᠃ ᠭᠦᠨᠪᠤᠯᠠᠭ  ᠰᠤᠮᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠢᠳᠡᠪᠬᠢᠲᠡᠢ ᠠᠬᠢᠭᠤᠯᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ  ᠬᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号