2021 ᠤᠨ ᠤ ᠭᠤᠤᠯᠳᠠᠯᠭ᠎ᠠ ᠲᠠᠢ ᠠᠵᠢᠯ  — ᠬᠤᠶᠠᠷ
ᠨᠡᠶᠢᠲᠡᠯᠡᠭᠰᠡᠨ ᠴᠠᠭ᠄
2021/3/29
 — ᠬᠦᠳᠡᠭᠡ ᠲᠤᠰᠬᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ 《 ᠳᠥᠷᠪᠡᠨ  ᠰᠠᠶᠢᠨᠳᠠᠢ ᠬᠥᠳᠡᠭᠡ   ᠶᠢᠨ ᠵᠠᠮ 》 ᠤᠨ  ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ ᠂ ᠭᠠᠴᠠᠭ᠎ᠠ ᠲᠤᠰᠬᠤᠨ ᠤ ᠵᠠᠮ  ᠨᠡᠪᠳᠡᠷᠡᠯᠬᠡ ᠶᠢᠨ ᠨᠦᠬᠦᠴᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠤᠨ᠂《 304 》 ᠱᠤᠭᠤᠮ   ᠤᠨ  ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂ ᠲᠠᠢ ᠽᠢ ᠴᠧᠩ ᠠᠴᠠ ᠰᠢᠯᠢᠩᠬᠤᠳᠠ ᠬᠦᠷᠬᠦ ᠲᠡᠮᠦᠷ ᠵᠠᠮ ᠤᠨ ᠪᠠᠷᠢᠯᠭ᠎ᠠ ᠶᠢ ᠡᠬᠢᠯᠡᠬᠦᠯᠦᠨ᠎ᠡ᠃ 40 ᠬᠠᠪᠳᠠᠭᠠᠢ  ᠳᠥᠷᠪᠡᠯᠵᠢᠨ ᠺᠢᠯᠤᠮᠧᠲᠷ  ᠪᠠᠭ᠎ᠠ ᠰᠠᠪᠠ ᠭᠠᠵᠠᠷ ᠢ ᠵᠠᠰᠠᠵᠤ᠂ 18 ᠰᠠᠭᠤᠷᠢ ᠲᠦᠭᠡᠭᠡᠯ ᠤᠰᠤᠨ ᠤ ᠢᠨᠵᠧᠨᠧᠷᠢᠩ ᠢ ᠬᠡᠷᠡᠭᠵᠢᠭᠦᠯᠦᠨ᠂ 21 ᠠᠶᠢᠯ  ᠬᠤᠳᠠ᠂ 3017 ᠬᠥᠮᠦᠨ ᠤ  ᠴᠡᠪᠡᠷ ᠲᠤᠩᠭᠠᠯᠠᠭ ᠤᠰᠤ ᠤᠮᠳᠠ   ᠶᠢᠨ ᠠᠰᠠᠭᠤᠳᠠᠯ ᠢ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠦᠬᠡᠷᠡᠴᠢᠯᠡᠯᠳᠡ ᠶᠢ ᠲᠦᠷᠭᠡᠳᠬᠡᠨ ᠠᠬᠢᠭᠤᠯᠵᠤ᠂ 258 ᠺᠢᠯᠣᠮᠧᠲᠷ  ᠴᠠᠬᠢᠯᠭᠠᠨ  ᠲᠠᠮᠵᠢᠭᠤᠯᠬᠤ ᠱᠤᠭᠤᠮ ᠢ ᠰᠢᠨ᠎ᠡ ᠪᠠᠷ ᠪᠠᠶᠢᠭᠤᠯᠬᠤ ᠪᠤᠶᠤ  ᠦᠬᠡᠷᠡᠴᠢᠯᠡᠨ ᠪᠠᠶᠢᠭᠤᠯᠵᠤ  ᠂  ᠬᠦᠴᠦᠳᠡᠯ  ᠬᠤᠪᠢᠰᠬᠠᠭᠴᠢ  32   ᠢ ᠤᠭᠰᠠᠷᠠᠨ᠎ᠠ  ᠃ 4G  ᠰᠠᠭᠤᠷᠢ ᠥᠷᠲᠡᠭᠡ 13 ᠶᠢ ᠰᠢᠨ᠎ᠡ ᠪᠠᠷ ᠪᠠᠶᠢᠭᠤᠯᠵᠤ᠂ 5G  ᠰᠠᠭᠤᠷᠢ  ᠦᠷᠳᠡᠭᠡᠨ ᠤ  ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠴᠢᠮᠡᠭᠡ ᠬᠤᠯᠪᠣᠭᠠᠨ  ᠤ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ  ᠃  ᠤᠳᠤᠬᠢ ᠰᠠᠭᠤᠷᠢ ᠳᠠᠭᠠᠨ ᠰᠠᠭᠤᠷᠢᠯᠠᠨ ᠠᠶᠢᠯ ᠲᠣᠰᠬᠤᠨ ᠤ ᠲᠥᠯᠥᠪᠵᠢᠭᠦᠯᠭᠡ ᠶᠢ ᠲᠤᠭᠳᠠᠭᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ   ᠢ  ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂   ᠤᠷᠲᠤ ᠬᠤᠭᠤᠴᠠᠭᠠᠨ ᠤ  ᠪᠦᠳᠦᠮᠵᠢᠳᠦ ᠬᠠᠮᠢᠶᠠᠷᠤᠯᠳᠠ ᠶᠢᠨ ᠲᠣᠭᠲᠠᠴᠠ ᠶᠢ ᠪᠠᠶᠢᠭᠤᠯᠤᠨ᠂ ᠲᠤᠬᠠᠢ ᠶᠢᠨ ᠭᠠᠵᠠᠷ ᠲᠤᠨᠢ ᠲᠤᠬᠢᠷᠠᠭᠤᠯᠤᠨ《 ᠵᠣᠷᠯᠣᠩ ᠤᠨ ᠦᠬᠡᠷᠡᠴᠢᠯᠡᠯᠳᠡ》 ᠶᠢ  ᠠᠬᠢᠭᠤᠯᠤᠨ᠎ᠠ᠃ 《 ᠭᠤᠷᠪᠠ ᠶᠢ ᠴᠡᠪᠡᠷᠯᠡᠵᠦ ᠨᠢᠭᠡ  ᠶᠢ ᠥᠭᠡᠷᠡᠴᠢᠯᠡᠬᠦ 》 ᠴᠡᠪᠡᠷᠯᠡᠭᠡ ᠶᠢᠨ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ  ᠴᠤᠭᠯᠠᠭᠤᠯᠤᠨ ᠰᠢᠶᠳᠪᠦᠷᠢᠯᠡᠬᠦ ᠰᠢᠰᠲ᠋ᠧᠮᠵᠢ ᠶᠢ  ᠪᠦᠷᠢᠨᠰᠢᠬᠦᠯᠦᠨ᠂  ᠲᠥᠷᠥᠯ ᠬᠤᠪᠢᠶᠠᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠤᠨ ᠰᠢᠶᠳᠪᠦᠷᠢᠯᠡᠨ ᠠᠰᠢᠭᠯᠠᠬᠤ ᠶᠢ ᠠᠬᠢᠭᠤᠯᠤᠨ᠎ᠠ᠃  ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ   ᠢ ᠵᠢᠯᠤᠭᠤᠳᠤᠨ ᠵᠠᠩ ᠳᠠᠳᠬᠠᠯ   ᠢ ᠦᠬᠡᠷᠡᠴᠢᠯᠡᠨ᠂ ᠪᠣᠯᠪᠠᠰᠤᠨ ᠰᠠᠶᠢᠬᠠᠨ ᠨᠤᠳᠤᠭ ᠤᠨ ᠰᠤᠷᠲᠠᠯ᠂  ᠭᠡᠷ   ᠤᠨ ᠰᠤᠷᠲᠠᠯ᠂   ᠠᠷᠠᠳ ᠤᠨ ᠰᠤᠷᠲᠠᠯ ᠢ  ᠪᠤᠢ ᠪᠤᠯᠭᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠤᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号