2021 ᠤᠨ ᠤ  ᠭᠤᠤᠯᠳᠠᠯᠭ᠎ᠠ ᠲᠠᠢ ᠠᠵᠢᠯ  —  ᠭᠤᠷᠪᠠ
ᠨᠡᠶᠢᠲᠡᠯᠡᠭᠰᠡᠨ ᠴᠠᠭ᠄
2021/3/29
 —   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ   ᠶᠢᠨ ᠪᠦᠲᠦᠮᠵᠢᠲᠡᠶ  ᠵᠤᠯᠭᠠᠯᠴᠠᠯ ᠢ ᠲᠦᠷᠭᠡᠳᠬᠡᠨ ᠠᠬᠢᠭᠤᠯᠤᠨ᠎ᠠ᠃     《 ᠳᠥᠷᠪᠡ ᠶᠢ  ᠦᠯᠦ ᠲᠠᠶᠠᠭᠳᠠᠬᠤ  》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂  ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ  ᠲᠡᠬᠦᠯᠳᠡᠷᠵᠢᠬᠦᠯᠵᠦ᠂ ᠣᠷᠣᠯᠭ᠎ᠠ ᠪᠠᠭᠠᠲᠠᠢ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠬᠥᠳᠡᠯᠮᠦᠷᠢᠯᠡᠬᠦ ᠴᠢᠳᠠᠪᠤᠷᠢ ᠦᠭᠡᠢ ᠬᠥᠮᠦᠨ ᠠᠮᠠ ᠶᠢ ᠴᠠᠭ ᠲᠤᠬᠠᠢ ᠳᠤᠨᠢ ᠨᠡᠶᠢᠭᠡᠮ ᠤᠨ ᠦᠨᠳᠦᠰᠦᠨ ᠪᠠᠳᠤᠯᠠᠭᠠᠨ ᠤ ᠬᠡᠪᠴᠢᠶᠡᠨ ᠳᠤ ᠣᠷᠣᠭᠤᠯᠬᠤ ᠶᠢ  ᠪᠠᠲᠤᠯᠠᠨ᠎ᠠ᠃  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠠᠵᠤ ᠦᠶᠯᠡᠰ᠂ ᠵᠣᠬᠢᠶᠠᠨ ᠪᠠᠶᠢᠭᠤᠯᠤᠯᠲᠠ ᠪᠣᠯᠤᠨ ᠴᠢᠳᠠᠪᠤᠷᠢᠲᠠᠨ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠬᠤ ᠶᠢ ᠢᠳᠡᠪᠬᠢᠲᠡᠶ ᠠᠬᠢᠭᠤᠯᠵᠤ᠂  ᠶᠠᠳᠠᠭᠤ ᠶᠢ ᠳᠡᠳᠬᠦᠬᠦ ᠡᠳ᠋ ᠬᠦᠷᠦᠩᠬᠡ ᠲᠦᠷᠦᠯ ᠵᠦᠢᠯ ᠤᠨ ᠡᠵᠡᠩᠨᠡᠯᠳᠡ ᠬᠠᠮᠢᠶᠠᠷᠤᠯᠳᠠ᠂ ᠤᠨᠴᠠᠯᠢᠭᠳᠤ ᠪᠦᠳᠦᠭᠡᠭᠳᠡᠬᠦᠨ ᠢ ᠪᠡᠭᠡᠵᠢᠩ ᠳᠤ ᠤᠷᠤᠭᠤᠯᠬᠤ ᠪᠠ ᠰᠦᠯᠵᠢᠶᠡᠨ ᠳᠤ ᠭᠠᠷᠭᠠᠬᠤ᠂  ᠮᠦᠩᠬᠦᠨ ᠬᠦᠢᠯᠬᠡᠬᠡ ᠪᠠᠷ  ᠮᠠᠯᠴᠢᠨ  ᠲᠠᠷᠢᠶᠠᠴᠢᠨ ᠢ ᠲᠡᠳᠬᠦᠬᠦ ᠵᠡᠷᠭᠡ ᠪᠤᠳᠠᠳᠠᠢ ᠠᠵᠢᠯ ᠢ ᠰᠠᠶᠢᠳᠤᠷ  ᠠᠳᠬᠤᠨ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠶᠢ ᠳᠡᠮᠵᠢᠵᠦ ᠪᠠᠶᠢᠭᠰᠠᠨ ᠠᠴᠠ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠦᠨ᠎ᠡ᠃ ᠰᠤᠮᠤ ᠰᠢᠶᠠᠩ ᠪᠠᠯᠭᠠᠰᠤᠨ ᠤ ᠬᠤᠭᠤᠴᠠᠭ᠎ᠠ ᠰᠣᠯᠢᠬᠤ ᠠᠵᠢᠯ ᠢ ᠬᠢᠨᠠᠮᠠᠭᠠᠶ ᠰᠠᠶᠢᠨ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠴᠢᠳᠠᠪᠤᠷᠢᠲᠠᠨ ᠢ ᠰᠣᠩᠭᠤᠨ᠂ ᠤᠳᠤᠷᠢᠳᠬᠤ ᠪᠠᠭ ᠢ  ᠬᠦᠴᠦᠷᠭᠡᠭᠵᠢᠬᠦᠯᠦᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号