2021 ᠤᠨ ᠤ  ᠭᠤᠤᠯᠳᠠᠯᠭ᠎ᠠ ᠲᠠᠢ ᠠᠵᠢᠯ  —  ᠲᠦᠷᠪᠡ
ᠨᠡᠶᠢᠲᠡᠯᠡᠭᠰᠡᠨ ᠴᠠᠭ᠄
2021/3/29
— ᠠᠵᠤ ᠦᠶᠯᠡᠳᠪᠦᠷᠢ ᠶᠢᠨ ᠠᠵᠤ ᠠᠬᠤᠢ ᠶᠢᠨ ᠬᠡᠯᠬᠢᠶ᠎ᠡ ᠶᠢ ᠤᠷᠳᠤᠳᠬᠠᠵᠤ ᠨᠥᠬᠦᠪᠥᠷᠢᠯᠡᠬᠦ   ᠪᠠᠨ ᠲᠦᠷᠭᠡᠳᠬᠡᠨ᠎ᠡ      ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ  2 ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠠᠵᠤ ᠦᠶᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢ ᠲᠤᠬᠢᠷᠠᠭᠤᠯᠬᠤ ᠪᠠ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠬᠢᠮᠡᠯ ᠠᠯᠮᠠᠰ ᠴᠢᠯᠠᠭᠤᠨ ᠤ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ᠂ ᠡᠦ ᠹᠧᠩ ᠣᠳᠣ ᠦᠶ᠎ᠡ ᠶᠢᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠨᠠᠷᠢᠯᠢᠭ ᠡᠳ᠋ᠰᠢᠭᠦᠯᠬᠦ  ᠠᠵᠤ ᠦᠢᠯᠡᠰ  ᠂ ᠪᠠᠢ ᠬᠤᠢ ᠱᠧᠩ ᠰᠢᠬᠢᠷ ᠤᠨ ᠦᠢᠯᠡᠰ᠂ ᠺᠧ ᠲᠠᠢ ᠯᠦᠩ ᠳ᠋ᠠ ᠶᠢᠨ ᠬᠤᠶᠠᠳᠤᠭᠠᠷ ᠬᠤᠭᠤᠴᠠᠭ᠎ᠠ᠂ ᠱᠧᠩ ᠲᠠᠢ ᠡᠯ ᠤᠨ ᠬᠤᠶᠠᠳᠤᠭᠠᠷ ᠬᠤᠭᠤᠴᠠᠭ᠎ᠠ᠂ 85 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠵᠡᠷᠭᠡ ᠶᠢᠨ ᠲᠣᠭᠲᠠᠭᠤᠨ   ᠢᠶᠠᠷ  ᠶᠠᠪᠤᠭᠳᠠᠬᠤ ᠶᠢ  ᠪᠠᠲᠤᠯᠠᠨ᠎ᠠ᠃  ᠡᠨᠡ ᠵᠢᠯ  ᠲᠠᠯ᠎ᠠ ᠨᠤᠲᠤᠭ ᠺᠣᠮᠫᠠᠨᠢ ᠶᠢᠨ ᠶᠡᠷᠦᠩᠬᠡᠶᠢᠯᠡᠭᠰᠡᠨ ᠠᠯᠪᠠᠨ ᠠᠰᠠᠷ ᠪᠣᠯᠤᠨ ᠭᠠᠵᠠᠷ ᠳᠣᠤᠷᠠᠬᠢ ᠠᠷᠢᠬᠢᠨ ᠵᠣᠭᠤᠷᠢ   ᠶᠢ ᠠᠰᠢᠭᠯᠠᠯᠲᠠ ᠳᠤ ᠣᠷᠣᠭᠤᠯᠤᠨ᠂ ᠬᠤᠩ ᠵᠢᠩ ᠶᠤᠸᠠᠨ ᠺᠤᠮᠫᠠᠨᠢ ᠶᠢᠨ《 ᠣᠩᠭᠤᠴᠠ ᠵᠢᠭᠡᠯᠡᠵᠦ ᠲᠡᠯᠡᠶ ᠳᠤ ᠭᠠᠷᠬᠤ 》 ᠶᠢ ᠤᠷᠤᠭᠰᠢᠲᠠᠶ  ᠪᠡᠶᠡᠯᠡᠬᠦᠯᠦᠨ᠂ 《 ᠲᠠᠯ᠎ᠠ ᠶᠢᠨ ᠸᠠᠩ 》᠂ 《 ᠬᠤᠩ ᠵᠢᠩ ᠶᠤᠸᠠᠨ 》 ᠬᠤᠶᠠᠷ ᠶᠡᠭᠡ ᠨᠠᠷᠠᠲᠤ ᠲᠡᠮᠳᠡᠭ ᠤᠨ ᠥᠷᠢᠰᠥᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠡᠲᠦ ᠬᠠᠲᠠᠭᠤ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠱᠧᠩ ᠲᠠᠢ ᠡᠯ ᠤᠨ ᠭᠤᠷᠪᠠᠳᠤᠭᠠᠷ ᠬᠤᠭᠤᠴᠠᠭ᠎ᠠ᠂ ᠬᠤᠭ ᠨᠣᠪᠰᠢ ᠶᠢ ᠬᠤᠣᠷ ᠥᠬᠡᠶᠢᠳᠡᠭᠦᠯᠦᠭᠰᠡᠨ ᠢᠯᠴᠢ ᠴᠠᠬᠢᠯᠭᠠᠨ ᠤ  ᠬᠠᠮ ᠦᠢᠯᠡᠳᠪᠦᠷᠢᠯᠡᠯ᠂ ᠭᠠᠯ ᠤᠨᠲᠠᠷᠠᠭᠠᠬᠤ ᠲᠥᠬᠦᠭᠡᠷᠦᠮᠵᠢ ᠦᠢᠯᠡᠳᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ  ᠪᠠᠶᠢᠭᠤᠯᠤᠯᠲᠠ ᠶᠢ ᠲᠦᠷᠭᠡᠳᠬᠡᠵᠦ᠂  ᠠᠵᠤ ᠦᠢᠯᠡᠰ ᠤᠨ ᠬᠡᠯᠬᠢᠶᠡᠰᠦ ᠶᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃  ᠤᠷᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ  ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠶᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ 《 ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠪᠠᠶᠢᠯᠳᠤᠬᠤ ᠪᠣᠳᠣᠯᠭ᠎ᠠ ᠶᠢ  ᠨᠢᠮᠪᠠᠢ ᠨᠠᠶᠢᠳᠠᠪᠤᠷᠢᠵᠢᠭᠤᠯᠵᠤ᠂ ᠳᠠᠩ ᠾᠧ  ᠂ ᠺᠧ ᠲᠠᠢ ᠯᠦᠩ ᠳ᠋ᠠ᠂ ᠱᠧᠩ ᠲᠠᠢ ᠡᠯ᠂ ᠬᠤᠩ ᠵᠢᠩ ᠶᠤᠸᠠᠨ ᠲᠣᠰᠣ᠂ ᠲᠠᠯ᠎ᠠ ᠨᠤᠲᠤᠭ ᠬᠠᠷ᠎ᠠ ᠠᠷᠢᠬᠢ ᠵᠡᠷᠭᠡ ᠠᠵᠤ ᠠᠬᠤᠶᠢᠯᠠᠯ ᠤᠨ ᠪᠦᠲᠦᠭᠡᠭᠳᠡᠬᠦᠨ ᠤ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠳᠠᠮᠵᠢᠵᠤ᠂   ᠰᠢᠨᠵᠢᠯᠡᠭᠡ ᠰᠤᠳᠤᠯᠭ᠎ᠠ ᠳᠤ ᠲᠦᠰᠢᠭᠯᠡᠨ ᠪᠦᠲᠦᠭᠡᠭᠳᠡᠬᠦᠨ ᠤ ᠳᠡᠰ ᠳᠡᠪᠰᠢᠬᠦ ᠶᠢ ᠲᠦᠷᠭᠡᠳᠬᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂  ︽ ᠤᠯᠠᠨ ᠭᠡᠷᠡᠴᠢ   ᠶᠢ ᠨᠢᠬᠡᠳᠭᠡᠬᠦ᠂  ᠭᠡᠷᠡᠴᠢ ᠦᠨᠡᠮᠯᠡᠯ   ᠢ ᠰᠠᠯᠭᠠᠬᠤ︾ ᠪᠠ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠬᠡ ᠰᠦᠯᠵᠢᠶ᠎ᠡ᠂  ᠨᠢᠬᠡ ᠡᠬᠦᠳᠡ᠂ ᠨᠢᠬᠡ ᠤᠳᠠᠭ᠎ᠠ︾ ᠵᠡᠷᠭᠡ  ᠪᠠᠭᠤᠯᠭᠠᠬᠤ ᠬᠠᠮᠢᠶᠠᠷᠬᠤ ᠦᠢᠯᠡᠴᠢᠯᠡᠬᠦ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠦᠨ᠎ᠡ᠃ ᠠᠷᠠᠯᠵᠢᠶᠠᠴᠢᠨ ᠤᠷᠢᠬᠤ ᠬᠡᠯᠪᠡᠷᠢ   ᠶᠢᠨ ᠰᠢᠨ᠎ᠡ ᠶᠢ ᠡᠬᠦᠳᠦᠨ᠂ ᠬᠥᠷᠥᠩᠭᠡ᠂ ᠮᠡᠷᠭᠡᠵᠢᠯ᠂ ᠴᠢᠳᠠᠪᠤᠷᠢᠲᠠᠨ ᠵᠡᠷᠭᠡ  ᠲᠡᠭᠡᠳᠦ ᠲᠡᠰ ᠤᠨ ᠬᠦᠴᠦᠨ ᠵᠦᠶᠯ ᠢ ᠣᠷᠣᠭᠤᠯᠤᠨ ᠠᠪᠴᠢᠷᠠᠵᠤ᠂ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂  ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠠᠵᠤ ᠦᠢᠯᠡᠰ ᠤᠨ ᠳᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠲᠣᠮᠣ ᠲᠥᠷᠥᠯ ᠵᠦᠶᠯ᠂ ᠰᠠᠶᠢᠨ ᠲᠥᠷᠥᠯ ᠵᠦᠶᠯ ᠢ  ᠨᠤᠳᠤᠭᠰᠢᠭᠤᠯᠬᠤ   ᠪᠠᠷ ᠴᠢᠷᠮᠠᠶᠢᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号