— ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠤᠨ᠎ᠠ | ᠪᠡᠭᠡᠵᠢᠩ ᠤᠷᠤᠬᠤ ᠲᠡᠮᠦᠷ ᠵᠠᠮ ᠤᠨ ᠪᠠᠶᠢᠭᠤᠯᠤᠯᠲᠠ ᠶᠢᠨ ᠲᠡᠦᠬᠡᠨ ᠠᠵᠠ ᠲᠣᠬᠢᠶᠠᠯ ᠢ ᠪᠠᠲᠤ ᠡᠵᠡᠮᠳᠡᠵᠦ᠂ | ᠤᠷᠤᠨ ᠪᠠᠶᠢᠴᠠ ᠶᠢᠨ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠰᠢᠯᠢ ᠶᠢᠨ ᠭᠤᠣᠯ ᠤᠨ | ᠲᠠᠯ᠎ᠠ ᠨᠤᠲᠤᠭ ᠤᠨ ᠵᠢᠭᠤᠯᠴᠢᠯᠠᠯ ᠤᠨ ᠠᠩᠬᠠᠨ ᠤ ᠥᠷᠲᠡᠭᠡ ᠶᠢᠨ ᠨᠡᠷᠡᠲᠦ ᠲᠡᠮᠳᠡᠭ ᠢ ᠪᠦᠬᠦ ᠬᠦᠴᠦᠨ ᠢᠶᠠᠷ | ᠡᠬᠦᠳᠴᠦ᠂ ᠰᠡᠯᠡᠭᠦᠴᠡᠯ ᠵᠢᠭᠤᠯᠴᠢᠯᠠᠯ ᠪᠠ ᠵᠢᠭᠤᠯᠴᠢᠯᠠᠯ ᠤᠨ ᠦᠢᠯᠡᠴᠢᠯᠡᠭᠡᠨ ᠤ ᠠᠵᠤ ᠠᠬᠤᠢ ᠶᠢ ᠶᠡᠬᠡᠪᠡᠷ | ᠬᠥᠭᠵᠢᠭᠦᠯᠵᠦ᠂ ᠲᠦᠷᠪᠡᠨ ᠵᠦᠭ ᠤᠨ ᠵᠢᠭᠤᠯᠴᠢᠯᠠᠭᠴᠢ ᠳᠤ ᠪᠦᠬᠦ ᠲᠠᠯ᠎ᠠ ᠶᠢᠨ ᠰᠠᠶᠢᠨ ᠦᠢᠯᠡᠴᠢᠯᠡᠭᠡ ᠶᠢ | ᠬᠠᠩᠭᠠᠨ᠎ᠠ᠃ ᠲᠠᠢ ᠽᠢ ᠴᠧᠩ ᠬᠢᠭᠡᠳ ᠼᠦᠩ ᠯᠢ ᠠᠴᠠ ᠤᠶᠢᠷᠠᠬᠠᠨ ᠤᠷᠤᠨ ᠪᠠᠶᠢᠴᠠ ᠶᠢᠨ ᠳᠠᠪᠠᠭᠤᠯᠢᠭ ᠢᠶᠠᠨ | ᠪᠠᠳᠠᠷᠠᠭᠤᠯᠤᠨ᠂ 《 ᠵᠣᠨ ᠳᠠᠭᠠᠨ ᠲᠠᠯ᠎ᠠ ᠨᠤᠲᠤᠭ ᠢᠶᠠᠷ ᠵᠤᠭᠠᠴᠠᠭᠤᠯᠤᠨ᠂ ᠡᠪᠦᠯ ᠳᠡᠭᠡᠨ ᠮᠥᠰᠥ ᠴᠠᠰᠤᠨ ᠳᠤ | ᠨᠠᠭᠠᠳᠤᠭᠤᠯᠬᠤ 》 ᠠᠵᠢᠯ ᠢ ᠰᠠᠶᠢᠨ ᠬᠢᠵᠦ᠂ ᠲᠠᠯ᠎ᠠ ᠨᠤᠲᠤᠭ ᠤᠨ ᠵᠢᠭᠤᠯᠴᠢᠯᠠᠯ ᠢ ᠠᠷᠠᠳ ᠢᠶᠠᠨ ᠪᠠᠶᠠᠵᠢᠭᠤᠯᠵᠤ | ᠬᠤᠰᠢᠭᠤ ᠪᠠᠨ ᠬᠦᠴᠦᠷᠬᠡᠭᠵᠢᠭᠦᠯᠬᠦ ᠲᠤᠯᠭᠠᠭᠤᠷᠢ ᠠᠵᠤ ᠦᠶᠯᠡᠰ ᠪᠣᠯᠭᠠᠨ ᠦᠷᠨᠢᠬᠦᠯᠦᠨ᠎ᠡ᠃ ᠬᠠᠭᠠᠨ ᠤ ᠠᠳᠤᠭᠤᠨ | ᠵᠤᠰᠠᠭᠠᠯ᠂ ᠪᠢᠶᠠᠨ ᠴᠢᠶᠠᠩ ᠠᠮᠢ ᠠᠬᠤᠢ ᠶᠢᠨ ᠵᠢᠭᠤᠯᠴᠢᠯᠠᠯ ᠤᠨ ᠲᠣᠰᠬᠤᠨ᠂ ᠠᠳᠤᠭᠤᠳᠤ ᠪᠠᠯᠭᠠᠰᠤᠨ ᠤ | ᠠᠮᠠᠷᠠᠯᠳᠠ ᠰᠡᠯᠡᠭᠦᠴᠡᠯ ᠤᠨ ᠣᠷᠣᠨ᠂ ᠵᠢᠭᠤᠯᠴᠢᠯᠠᠭᠴᠢ ᠳᠤ ᠦᠢᠯᠡᠴᠢᠯᠡᠬᠦ ᠲᠥᠪ᠂ ᠬᠤᠨ ᠭᠠᠯᠠᠭᠤ ᠲᠠᠷᠢᠶᠠᠯᠠᠩ | ᠮᠠᠯ ᠠᠵᠤ ᠠᠬᠤᠢ ᠶᠢᠨ ᠰᠤᠳᠤᠯᠭᠠᠨ ᠤ ᠦᠢᠯᠡᠴᠢᠯᠡᠭᠡᠨ ᠤ ᠲᠥᠪ᠂ ᠠᠮᠲᠠᠲᠤ ᠢᠳᠡᠭᠡᠨ ᠤ ᠵᠡᠭᠡᠯᠢ ᠵᠡᠷᠭᠡ | ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠮᠠᠯᠴᠢᠨ ᠠᠶᠢᠯ ᠲᠠᠷᠢᠶᠠᠴᠢᠨ ᠡᠷᠦᠬᠡ ᠶᠢᠨ ᠵᠢᠭᠤᠯᠴᠢᠯᠠᠯ ᠤᠨ ᠭᠠᠵᠠᠷ ᠤᠨ ᠳᠡᠰ ᠳᠡᠪᠰᠢᠬᠦ ᠶᠢ ᠠᠬᠢᠭᠤᠯᠤᠨ᠎ᠠ᠃ | ᠡᠯᠧᠺᠲᠷᠤᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠵᠢᠱᠢᠶ᠎ᠡ ᠦᠵᠡᠭᠦᠯᠬᠦ ᠲᠥᠷᠥᠯ ᠵᠦᠢᠯ ᠢ ᠬᠦᠨᠵᠡᠬᠡᠢ ᠭᠡᠷᠡᠭᠵᠢᠬᠦᠯᠦᠨ᠂ ᠡᠯᠧᠺᠲᠷᠤᠨ ᠬᠤᠳᠠᠯᠳᠤᠭᠠᠨ ᠤ | ᠬᠦᠮᠦᠷᠭᠡᠯᠡᠯᠳᠡ ᠬᠠᠳᠠᠭᠠᠯᠠᠯᠳᠠ ᠪᠠ ᠪᠤᠳᠠᠰ ᠤᠨ ᠭᠦᠢᠯᠭᠡᠭᠡᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ᠂ | ᠲᠠᠷᠢᠶᠠᠯᠠᠩ ᠤᠨ ᠣᠨᠴᠠ ᠭᠠᠷᠤᠯᠳᠠ ᠶᠢ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠢᠨ᠎ᠡ ᠰᠣᠷᠭᠤᠭ ᠲᠠᠷᠢᠶᠠᠯᠠᠩ ᠤᠨ ᠲᠤᠰᠠᠯᠠᠬᠤ | ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠪᠠ ᠲᠤᠬᠢᠷᠠᠭᠤᠯᠤᠨ ᠬᠦᠷᠭᠡᠬᠦ ᠲᠥᠪ ᠢ ᠠᠵᠢᠯ ᠡᠬᠢᠯᠡᠭᠦᠯᠬᠦ ᠪᠠᠷ | ᠴᠢᠷᠮᠠᠶᠢᠨ᠎ᠠ᠃ ᠮᠥᠩᠭᠦᠨ ᠭᠦᠢᠯᠭᠡᠭᠡᠨ ᠤ ᠪᠣᠳᠠᠲᠤ ᠠᠵᠤ ᠠᠬᠤᠢ ᠳᠤ ᠦᠢᠯᠡᠴᠢᠯᠡᠬᠦ ᠡᠷᠴᠢᠮ ᠢ ᠴᠢᠩᠭᠠᠷᠠᠭᠤᠯᠵᠤ᠂ | ᠡᠨᠡ ᠵᠢᠯ ᠮᠥᠩᠭᠦᠨ ᠭᠦᠢᠯᠭᠡᠭᠡᠨ ᠤ ᠪᠠᠶᠢᠭᠤᠯᠤᠮᠵᠢ 1 ᠶᠢ ᠰᠢᠨ᠎ᠡ ᠪᠠᠷ ᠨᠡᠮᠡᠭᠳᠡᠭᠦᠯᠦᠨ᠎ᠡ᠃ ᠡᠬᠦᠨ ᠤ ᠬᠠᠮᠳᠤ᠂ | ᠠᠰᠠᠷᠠᠮᠵᠢ ᠰᠤᠪᠢᠯᠠᠯᠳᠠ᠂ ᠠᠳᠠᠯ ᠠᠬᠤᠶ ᠶᠢᠨ ᠦᠶᠯᠡᠴᠢᠯᠡᠭᠡ ᠵᠡᠷᠭᠡ ᠣᠲᠣ ᠦᠶ᠎ᠡ ᠶᠢᠨ ᠦᠶᠯᠡᠴᠢᠯᠡᠭᠡᠨ ᠤ ᠠᠵᠤ | ᠦᠶᠯᠡᠰ ᠢ ᠶᠡᠭᠡ ᠪᠠᠷ ᠬᠥᠭᠵᠢᠭᠦᠯᠦᠨ᠎ᠡ᠃ |