— ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠲᠥᠪ ᠤᠨ ᠬᠤᠶᠠᠳᠤᠭᠠᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ | ᠤᠭᠲᠤᠬᠤ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ | ᠭᠡᠷᠡᠭᠵᠢᠬᠦᠯᠬᠦ ᠪᠠᠶᠢᠴᠠᠭᠠᠯᠲᠠ ᠶᠢ ᠪᠠᠶᠢᠩᠭᠤ ᠶᠢᠨ ᠴᠢᠨᠠᠷᠳᠠᠢ ᠦᠷᠨᠢᠬᠦᠯᠦᠨ᠂ ᠡᠯ᠎ᠡ ᠲᠥᠷᠥᠯ ᠤᠨ ᠬᠠᠤᠯᠢ | ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠵᠠᠯᠬᠠᠭᠠᠨ ᠰᠢᠳᠬᠡᠨ᠎ᠡ᠃ 《 ᠭᠤᠷᠪᠠᠨ ᠤᠯᠠᠭᠠᠨ ᠱᠤᠭᠤᠮ 》 ᠤᠨ | ᠵᠢᠭᠠᠯᠳᠠ ᠲᠤᠭ᠎ᠠ ᠶᠢ ᠴᠢᠩᠭ᠎ᠠ ᠡᠵᠡᠮᠳᠡᠵᠦ᠂ ᠭᠤᠣᠯ ᠮᠥᠷᠡᠨ ᠤ ᠳᠠᠷᠤᠭ᠎ᠠ ᠶᠢᠨ ᠲᠦᠷᠢᠮ ᠤᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠪᠡᠶᠡᠯᠡᠬᠦᠯᠦᠨ᠎ᠡ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠷᠠᠭᠤᠯᠤᠨ᠂ | ᠬᠢᠮᠢ ᠶᠢᠨ ᠪᠣᠷᠲᠣᠭᠤᠷ᠂ ᠲᠠᠷᠢᠶᠠᠨ ᠡᠮ ᠬᠡᠷᠡᠭᠯᠡᠬᠦ ᠶᠡᠷᠦᠩᠬᠡᠶ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠣᠷᠭᠠᠨᠢᠭ | ᠪᠣᠷᠲᠣᠭᠤᠷ ᠬᠡᠷᠡᠭᠯᠡᠬᠦ ᠲᠠᠯᠠᠪᠠᠶ ᠶᠢ ᠥᠷᠭᠡᠳᠬᠡᠨ᠂ ᠢᠯᠭᠠᠳᠠᠰᠤ᠂ ᠰᠦᠯᠢᠶᠣᠣ ᠪᠦᠷᠬᠦᠪᠴᠢ᠂ ᠡᠰᠢ ᠰᠦᠷᠡᠯ ᠢ | ᠡᠭᠡᠭᠦᠯᠦᠨ ᠬᠤᠷᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠣᠭᠲᠠᠴᠠ ᠶᠢ ᠪᠠᠶᠢᠭᠤᠯᠵᠤ᠂ ᠬᠥᠷᠥᠰᠥ ᠰᠢᠷᠣᠶ | ᠶᠢᠨ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ |