2021 ᠤᠨ ᠤ  ᠭᠤᠤᠯᠳᠠᠯᠭ᠎ᠠ ᠲᠠᠢ ᠠᠵᠢᠯ  —  ᠨᠠᠢᠮᠠ
ᠨᠡᠶᠢᠲᠡᠯᠡᠭᠰᠡᠨ ᠴᠠᠭ᠄
2021/3/29
 — ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠲᠦᠷᠭᠡᠳᠬᠡᠵᠦ᠂ ᠠᠵᠢᠯᠯᠠᠵᠤ ᠠᠮᠢᠳᠤᠷᠠᠬᠤ ᠤᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ    ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ   ᠤᠨ ᠭᠠᠵᠠᠷ ᠰᠢᠷᠣᠢ ᠶᠢᠨ ᠣᠷᠣᠨ ᠵᠠᠢ ᠶᠢᠨ 《 ᠨᠢᠭᠡ ᠬᠠᠭᠤᠳᠠᠰᠤ ᠵᠢᠷᠤᠭ 》  ᠤᠨ ᠲᠤᠭ᠎ᠠ ᠪᠠᠷᠢᠮᠲᠠ ᠶᠢᠨ ᠲᠠᠪᠴᠠᠩ   ᠢ ᠪᠠᠶᠢᠭᠤᠯᠤᠨ  ᠂   ᠡᠨᠡ  ᠵᠢᠯ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ  ᠲᠦᠯᠦᠪᠵᠢᠬᠦᠯᠬᠡ᠂ ᠭᠤᠣᠯ ᠬᠤᠲᠠ ᠶᠢᠨ ᠲᠣᠭᠤᠷᠢᠭ ᠤᠨ ᠵᠢᠷᠤᠭ ᠲᠥᠯᠥᠪᠯᠡᠭᠡ ᠪᠠ ᠭᠤᠣᠯᠳᠠᠯᠭ᠎ᠠ ᠲᠠᠢ ᠬᠡᠰᠡᠭ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃  ᠮᠤᠬᠤᠷ ᠵᠠᠮ  ᠢ ᠨᠡᠪᠳᠡᠷᠡᠬᠦᠯᠬᠦ᠂ ᠵᠡᠬᠡᠯᠢ ᠭᠤᠳᠤᠮᠵᠢ ᠶᠢ ᠬᠠᠳᠠᠭᠤᠷᠠᠭᠤᠯᠬᠤ᠂  ᠭᠤᠤᠯ ᠵᠠᠮ ᠢ ᠴᠠᠷᠳᠠᠵᠤ ᠲᠡᠪᠢᠰᠬᠦ  ᠵᠢᠴᠢ  ᠭᠠᠵᠠᠷ ᠲᠤᠤᠷᠠᠬᠢ ᠲᠤᠤᠷ ᠬᠤᠭᠤᠯᠠᠢ᠂  ᠪᠤᠷᠤᠭᠠᠨ ᠤ ᠤᠰᠤ ᠪᠠ ᠪᠤᠬᠢᠷ ᠤᠰᠤ ᠶᠢ ᠰᠠᠯᠭᠠᠨ ᠤᠷᠤᠰᠬᠠᠬᠤ᠂  ᠭᠤᠤᠯᠳᠠᠯᠭ᠎ᠠ  ᠲᠠᠢ ᠭᠠᠵᠠᠷ ᠤᠷᠤᠨ ᠢ ᠨᠤᠭᠤᠭᠠᠷᠠᠭᠤᠯᠬᠤ᠂  ᠨᠡᠶᠢᠳᠡ ᠶᠢᠨ  ᠵᠤᠷᠯᠤᠩ ᠪᠠᠶᠢᠭᠤᠯᠬᠤ ᠵᠡᠷᠭᠡ  ᠬᠤᠳᠠ ᠶᠢᠨ ᠪᠠᠶᠢᠭᠤᠯᠤᠯᠳᠠ ᠶᠢᠨ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠦ᠂  ᠡᠨᠡ ᠵᠢᠯ ᠦᠷᠳᠡᠭᠡᠨ ᠤ ᠡᠮᠦᠨᠡᠬᠢ ᠲᠠᠯᠠᠪᠠᠢ᠂  ᠵᠡᠬᠦᠨ ᠠᠭᠤᠯᠠᠨ   ᠤ ᠨᠡᠬᠦᠷᠡᠰᠦᠳᠦ᠋ᠷᠦᠭᠴᠢ ᠰᠢᠩᠬᠡᠬᠡᠬᠦ  ᠠᠵᠤ ᠠᠬᠤᠢ ᠶᠢᠨ ᠤᠢ᠂  ᠭᠤᠤᠯᠳᠠᠯᠭᠠᠳᠠᠢ ᠠᠵᠤ ᠠᠬᠤᠶᠢᠯᠠᠯ ᠤᠨ ᠨᠤᠭᠤᠭᠠᠷᠠᠭᠤᠯᠤᠯᠳᠠ ᠶᠢᠨ ᠲᠦᠷᠦᠯ ᠵᠦᠢᠯ ᠢ  ᠪᠡᠶᠡᠯᠡᠬᠦᠯᠦᠨ᠎ᠡ᠃  ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ 《 ᠪᠠᠶᠢᠭᠤᠯᠵᠤ ᠳᠠᠭᠤᠰᠬᠠᠬᠤ 》 ᠢᠨᠵᠧᠨᠧᠷᠢᠩ   ᠤᠨ《 ᠪᠠᠶᠢᠭᠤᠯᠪᠠᠰᠤ ᠵᠣᠬᠢᠬᠤ ᠶᠢ ᠵᠠᠪᠠᠯ ᠪᠠᠶᠢᠭᠤᠯᠬᠤ 》 ᠶᠢ ᠪᠠᠲᠤᠯᠠᠨ᠎ᠠ᠃ ᠬᠤᠲᠠ ᠪᠠᠯᠭᠠᠰᠤᠨ  ᠤ ᠨᠠᠷᠢᠯᠢᠬᠵᠢᠭᠰᠠᠨ ᠬᠠᠮᠢᠶᠠᠷᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂  ᠬᠢᠨᠠᠨ ᠡᠵᠡᠮᠳᠡᠬᠦ ᠢᠨᠵᠧᠨᠧᠷᠢᠩ ᠂ ᠤᠶᠤᠨᠲᠤ ᠬᠤᠲᠠ ᠶᠢᠨ ᠬᠠᠮᠢᠶᠠᠷᠤᠯᠲᠠ ᠵᠡᠷᠭᠡ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠶᠢ  ᠠᠬᠢᠭᠤᠯᠤᠨ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠲᠡᠷᠭᠡ  ᠵᠤᠭᠰᠤᠭᠠᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠰᠠᠭᠤᠭᠠᠯᠢ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠶᠣᠰᠣ ᠮᠣᠷᠠᠯ ᠬᠡᠪ ᠰᠤᠷᠲᠠᠯ ᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠥᠬᠡᠶ ᠬᠡᠷ ᠪᠦᠯᠢ᠂ ᠪᠣᠬᠢᠷᠲᠤᠯ ᠥᠬᠡᠶ ᠨᠡᠶᠢᠭᠡᠮ ᠲᠣᠭᠤᠷᠢᠭ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ᠰᠠᠭᠤᠭᠠᠯᠢ ᠠᠷᠠᠳ ᠢ ᠥᠷᠭᠡᠨ ᠢᠶᠠᠷ  ᠲᠠᠶᠢᠴᠢᠯᠠᠨ ᠵᠢᠯᠣᠭᠤᠳᠴᠤ ᠪᠠᠶᠢᠭᠠᠳ ᠦᠵᠡᠰᠬᠦᠯᠡᠩᠲᠦ ᠰᠠᠶᠢᠬᠠᠨ ᠬᠡᠷ ᠣᠷᠣᠨ ᠤ ᠪᠥᠲᠥᠭᠡᠨ ᠪᠠᠶᠢᠭᠤᠯᠤᠭᠴᠢ᠂ ᠰᠠᠬᠢᠨ ᠬᠠᠮᠠᠭᠠᠯᠠᠭᠴᠢ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号