2021 ᠤᠨ ᠤ  ᠭᠤᠤᠯᠳᠠᠯᠭ᠎ᠠ ᠲᠠᠢ ᠠᠵᠢᠯ  —  ᠠᠷᠪᠠ
ᠨᠡᠶᠢᠲᠡᠯᠡᠭᠰᠡᠨ ᠴᠠᠭ᠄
2021/3/29
— ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ    ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ  ᠬᠦᠭᠵᠢᠬᠦᠯᠬᠦ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂  ᠬᠤᠶᠠᠳᠤᠭᠠᠷ ᠲᠤᠮᠳᠠᠳᠤ ᠰᠤᠷᠭᠠᠭᠤᠯᠢ ᠶᠢᠨ ᠨᠡᠬᠦᠬᠦ ᠠᠵᠢᠯ ᠢ ᠡᠬᠢᠯᠡᠬᠦᠯᠦᠨ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ᠂  ᠬᠤᠶᠠᠳᠤᠭᠠᠷ ᠬᠡᠦᠬᠡᠳ ᠤᠨ ᠴᠡᠴᠡᠷᠯᠢᠭ᠂  ᠶᠠᠩ ᠭᠤᠸᠠᠩ ᠬᠡᠦᠬᠡᠳ ᠤᠨ ᠴᠡᠴᠡᠷᠯᠢᠭ ᠢ  ᠠᠰᠢᠭᠯᠠᠯᠲᠠ ᠳᠤ  ᠤᠷᠤᠭᠤᠯᠵᠤ᠂ ᠪᠠᠭᠰᠢ ᠶᠢ ᠬᠥᠮᠦᠵᠢᠭᠦᠯᠬᠦ ᠪᠠ ᠤᠷᠢᠨ ᠣᠷᠣᠭᠤᠯᠬᠤ  ᠡᠷᠴᠢᠮ ᠢᠶᠠᠨ ᠴᠢᠩᠭᠠᠷᠠᠭᠤᠯᠤᠨ  ᠂  ᠵᠢᠭᠠᠨ ᠰᠤᠷᠭᠠᠯᠲᠠ ᠶᠢᠨ  ᠶᠠᠰᠤ ᠴᠢᠨᠠᠷ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ  ᠨᠢᠮᠪᠠᠢ ᠰᠠᠶᠢᠨ  ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠤ  ᠶᠢᠨ ᠦᠢᠯᠡᠰ ᠢ ᠶᠡᠭᠡ ᠪᠠᠷ ᠬᠥᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠵᠦ᠂  ᠪᠠᠴᠢᠮ ᠭᠡᠷᠡᠭᠰᠡᠬᠦ ᠴᠢᠳᠠᠪᠤᠷᠢᠳᠠᠨ ᠢ ᠤᠷᠢᠵᠤ ᠤᠷᠤᠭᠤᠯᠤᠨ᠂   ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ  ᠰᠢᠰᠲ᠋ᠧᠮᠵᠢ  ᠶᠢᠨ  ᠪᠠᠶᠢᠭᠤᠯᠤᠯᠳᠠ   ᠶᠢ ᠭᠦᠨᠵᠡᠭᠡᠢ ᠠᠬᠢᠭᠤᠯᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂  ᠬᠤᠯᠤᠭᠠᠨ᠎ᠠ ᠶᠢᠨ ᠬᠢᠵᠢᠭ  ᠭᠠᠷᠴᠤ ᠦᠩᠭᠡᠷᠡᠭᠰᠡᠨ ᠭᠠᠵᠠᠷ ᠣᠷᠣᠨ ᠤ ᠬᠢᠵᠢᠭ ᠰᠡᠷᠭᠡᠶᠢᠯᠡᠬᠦ ᠴᠡᠭ   ᠢ  ᠠᠰᠢᠭᠯᠠᠯᠲᠠ ᠳᠤ ᠤᠷᠤᠭᠤᠯᠤᠨ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠤᠵᠢᠭ ᠡᠪᠡᠳᠴᠢᠨ ᠤ ᠬᠠᠮᠢᠶᠠᠷᠤᠯᠲᠠ ᠶᠢᠨ ᠲᠥᠪ᠂ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠰᠠᠷ ᠢ   ᠡᠬᠢᠯᠡᠵᠦ ᠪᠠᠶᠢᠭᠤᠯᠬᠤ ᠪᠠᠷ ᠴᠢᠷᠮᠠᠶᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠩᠭᠤᠵᠢᠭᠰᠠᠨ ᠠᠷᠭ᠎ᠠ ᠠᠪᠴᠢᠯ ᠢ  ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂   ᠰᠡᠷᠭᠡᠶᠢᠯᠡᠯᠳᠡ ᠶᠢᠨ  ᠲᠠᠷᠢᠯᠭ᠎ᠠ   ᠶᠢᠨ ᠠᠵᠢᠯ ᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠶ᠃ ᠰᠣᠶᠣᠯ ᠲᠠᠮᠢᠷ ᠤᠨ ᠦᠢᠯᠡᠰ ᠤᠨ ᠬᠥᠭᠵᠢᠯᠲᠡ ᠶᠢ  ᠲᠦᠷᠭᠡᠳᠬᠡᠨ᠂ ᠮᠦᠽᠧᠢ᠂ ᠰᠣᠶᠣᠯ ᠤᠨ ᠣᠷᠳᠣᠨ᠂ ᠲᠠᠮᠢᠷ ᠤᠨ ᠤᠷᠳᠤᠨ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠮᠥ᠋ᠴᠢᠷ ᠤᠨ ᠤᠷᠠᠯᠢᠭ ᠤᠨ ᠲᠥᠪ ᠢ  ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃  
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号