— ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠶᠢᠨ ᠬᠠᠮᠳᠤ ᠰᠢᠨᠡᠴᠢᠯᠡᠨ᠎ᠡ | ᠵᠥᠷᠢᠴᠡᠯ ᠵᠢᠭᠤᠷᠠᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ | ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠠᠰᠠᠯᠲᠠ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠦᠨᠳᠦᠰᠦᠨ ᠱᠠᠳᠤᠨ ᠤ ᠬᠠᠤᠯᠢ | ᠭᠡᠷᠡᠭᠵᠢᠬᠦᠯᠬᠦ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠲᠦᠷᠢᠮᠵᠢᠭᠰᠡᠨ ᠬᠠᠤᠯᠢ ᠭᠡᠷᠡᠭᠵᠢᠬᠦᠯᠬᠦ ᠬᠢᠷᠢ | ᠲᠦᠪᠰᠢᠨ ᠢ ᠲᠡᠭᠡᠭᠰᠢᠯᠡᠬᠦᠯᠦᠨ᠎ᠡ᠃ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠡᠬᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠳᠡ ᠶᠢᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠤᠨ᠂ ᠡᠯ᠎ᠡ ᠲᠦᠷᠦᠯ ᠤᠨ ᠦᠢᠯᠡᠳᠪᠦᠷᠢᠯᠡᠯ ᠤᠨ ᠤᠰᠤᠯ | ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠢ ᠦᠨᠡᠨᠬᠦ | ᠪᠠᠲᠤᠯᠠᠵᠤ᠂ ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ ᠤ ᠮᠥᠷᠳᠡᠨ ᠤᠬᠤᠴᠢᠯᠠᠬᠤ | ᠰᠢᠰᠲ᠋ᠧᠮᠵᠢ ᠪᠠ ᠡᠮ ᠤᠨ ᠵᠦᠶᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ | ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ᠮᠥᠩᠭᠦᠨ ᠭᠦᠶᠯᠭᠡᠭᠡᠨ ᠤ ᠲᠦᠭᠰᠢᠭᠦᠷᠢ ᠶᠢ ᠠᠷᠢᠯᠭᠠᠬᠤ ᠪᠠ ᠰᠡᠷᠭᠡᠶᠢᠯᠡᠬᠦ ᠠᠵᠢᠯ ᠢ ᠦᠷᠭᠦᠯᠵᠢᠯᠡᠨ | ᠰᠠᠶᠢᠲᠤᠷ ᠠᠳᠬᠤᠵᠤ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠥᠯᠥ ᠡᠭᠦᠰᠬᠦ ᠶᠢ | ᠪᠠᠳᠤᠯᠠᠨ᠎ᠠ᠃ 《 ᠭᠤᠷᠪᠠᠨ ᠰᠠᠯᠵᠤ ᠴᠢᠳᠠᠰᠢ ᠦᠭᠡᠢ 》 ᠂《 ᠲᠠᠪᠤᠨ ᠬᠠᠮᠲᠤ ᠶᠢᠨ ᠲᠠᠨᠢᠯᠲᠠ 》 ᠵᠡᠷᠭᠡ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠬᠦᠳᠦᠨ ᠪᠠᠶᠢᠭᠤᠯᠬᠤ ᠠᠵᠢᠯᠯᠠᠭ᠎ᠠ | ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠪᠠᠶᠢᠳᠠᠯ ᠢ | ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠦᠨ᠎ᠡ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠬᠠᠮ | ᠵᠠᠭᠤᠴᠢᠯᠠᠭᠤᠷ ᠤᠨ ᠪᠠᠶᠢᠭᠤᠯᠤᠯᠳᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠤᠨ ᠬᠢᠨᠠᠨ ᠬᠡᠮᠵᠢᠯᠲᠡ | ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ | ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ | ᠡᠪᠯᠡᠯ᠂ ᠵᠠᠯᠠᠭᠤᠴᠤᠳ ᠤᠨ ᠡᠪᠯᠡᠯ ᠵᠡᠷᠭᠡ ᠠᠵᠢᠯ ᠦᠶᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠨ᠎ᠡ᠃ |