2021 ᠤᠨ ᠤ  ᠭᠤᠤᠯᠳᠠᠯᠭ᠎ᠠ ᠲᠠᠢ ᠠᠵᠢᠯ  —  ᠠᠷᠪᠠᠨ ᠬᠤᠶᠠᠷ
ᠨᠡᠶᠢᠲᠡᠯᠡᠭᠰᠡᠨ ᠴᠠᠭ᠄
2021/3/29
 — ᠠᠷᠠᠳ ᠤᠨ ᠠᠮᠢᠳᠤᠷᠠᠯ   ᠳᠤ ᠬᠤᠯᠪᠤᠭᠳᠠᠭᠰᠠᠨ ᠪᠣᠳᠠᠲᠤ ᠠᠵᠢᠯ ᠢ  ᠠᠮᠠᠯᠳᠠᠨ ᠪᠡᠶᠡᠯᠡᠬᠦᠯᠦᠨ᠎ᠡ ᠠᠷᠠᠳ ᠤᠨ ᠠᠮᠢᠳᠤᠷᠠᠯ   ᠳᠤ ᠬᠤᠯᠪᠤᠭᠳᠠᠭᠰᠠᠨ ᠪᠣᠳᠠᠲᠤ  ᠠᠵᠢᠯ ᠢ ᠠᠷᠠᠳ ᠤᠨ ᠲᠦᠯᠦᠭᠡᠯᠡᠭᠴᠢᠳ ᠪᠢᠯᠧᠲ ᠢᠶᠠᠷ  ᠰᠢᠢᠳᠬᠦ ᠲᠦᠷᠢᠮ ᠢ ᠦᠷᠭᠦᠯᠵᠢᠯᠡᠨ ᠰᠠᠶᠢᠲᠤᠷ  ᠠᠳᠬᠤᠬᠤ ᠭᠡᠷᠡᠭᠳᠡᠢ᠃ 2020 ᠤᠨ ᠳᠤ ᠠᠮᠠᠯᠳᠠᠭᠰᠠᠨ 7 ᠪᠤᠳᠠᠳᠠᠢ ᠠᠵᠢᠯ ᠤᠨ ᠲᠤᠳᠤᠷ᠎ᠠ ᠠᠴᠠ 5   ᠨᠢ ᠨᠢᠬᠡᠨᠳᠡ ᠪᠦᠳᠦᠮᠵᠢᠳᠡᠢ  ᠰᠢᠢᠳᠪᠦᠷᠢᠯᠡᠭᠳᠡᠵᠦ᠂  ᠦᠯᠡᠳᠡᠭᠰᠡᠨ 2 ᠢ  ᠨᠢ ᠶᠠᠭ  ᠪᠦᠬᠦ ᠬᠦᠴᠦᠨ ᠢᠶᠠᠷ ᠠᠬᠢᠭᠤᠯᠵᠤ ᠪᠠᠶᠢᠭ᠎ᠠ ᠶᠤᠮ᠃  ᠡᠨᠡ ᠵᠢᠯ ᠲᠤᠤᠷᠠᠬᠢ ᠮᠡᠳᠦ ᠬᠡᠳᠦᠨ  ᠵᠦᠢᠯ ᠤᠨ ᠪᠤᠳᠠᠳᠠᠢ ᠠᠵᠢᠯ ᠢ ᠬᠢᠬᠦ ᠪᠠᠷ ᠴᠢᠷᠮᠠᠶᠢᠨ᠎ᠠ᠄ ᠨᠢᠭᠡ ᠳᠤ  ᠂ 11 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂  ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠠᠨᠠᠶ  ᠪᠠᠶᠢᠭ᠎ᠠ ᠠᠰᠠᠭᠤᠳᠠᠯ ᠢ ᠰᠢᠶᠳᠪᠦᠷᠢᠯᠡᠨ᠎ᠡ᠃  ᠬᠤᠶᠠᠷ ᠲᠤ᠂  ᠣᠷᠣᠰᠢᠭᠤᠯᠭ᠎ᠠ ᠶᠢᠨ ᠦᠢᠯᠡᠴᠢᠯᠡᠭᠡᠨ ᠤ ᠭᠠᠵᠠᠷ ᠪᠣᠯᠤᠨ ᠨᠡᠶᠢᠲᠡ ᠶᠢᠨ ᠣᠩᠭᠤᠨ ᠢ ᠠᠰᠢᠭᠯᠠᠯᠲᠠ ᠳᠤ  ᠤᠷᠤᠭᠤᠯᠵᠤ  ᠂ ᠬᠤᠲᠠ ᠪᠠᠯᠭᠠᠰᠤᠨ ᠤ ᠡᠷᠭᠢᠨ ᠲᠣᠭᠤᠷᠢᠨ ᠳᠠᠬᠢ ᠳᠤᠷ᠎ᠠ ᠪᠠᠷ  ᠢᠶᠠᠨ ᠪᠤᠯᠠᠰᠢᠯᠠᠵᠤ ᠣᠷᠣᠰᠢᠭᠤᠯᠬᠤ ᠠᠰᠠᠭᠤᠳᠠᠯ ᠢ  ᠰᠢᠢᠳᠪᠦᠷᠢᠯᠡᠨ᠎ᠡ᠃  ᠭᠤᠷᠪᠠ ᠳᠤ᠂  ᠬᠤᠰᠢᠭᠤᠨ ᠤ ᠤᠮᠪᠠᠯᠲᠠ  ᠶᠢᠨ ᠣᠷᠳᠣᠨ   ᠤ ᠪᠠᠶᠢᠭᠤᠯᠤᠯᠳᠠ ᠶᠢ ᠡᠬᠢᠯᠡᠬᠦᠯᠵᠦ᠂  ᠤᠯᠠᠨ ᠲᠦᠮᠡᠨᠴᠢ ᠴᠢᠨᠠᠷᠳᠠᠢ ᠪᠡᠶ᠎ᠡ ᠶᠢᠨ ᠲᠠᠮᠢᠷ ᠤᠨ ᠲᠦᠬᠦᠭᠡᠷᠦᠮᠵᠢ ᠶᠢᠨ ᠲᠤᠳᠠᠭᠤᠳᠠᠯ ᠢ  ᠨᠦᠬᠦᠪᠦᠷᠢᠯᠡᠨ᠎ᠡ᠃ ᠳᠥᠷᠪᠡ ᠳᠤ᠂  ᠶᠠᠩ ᠭᠤᠸᠠᠩ ᠭᠤᠷᠪᠠᠳᠤᠭᠠᠷ ᠬᠤᠭᠤᠴᠠᠭᠠᠨ ᠤ ᠰᠠᠭᠤᠭᠠᠯᠢ ᠲᠣᠭᠤᠷᠢᠭ ᠢ ᠡᠬᠢᠯᠡᠨ ᠪᠠᠶᠢᠭᠤᠯᠵᠤ᠂  ᠦᠯᠡᠳᠡᠵᠦ ᠪᠠᠶᠢᠭ᠎ᠠ 175 ᠡᠷᠦᠬᠡ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠨ᠎ᠡ᠃  ᠲᠠᠪᠤ ᠳᠤ᠂ ᠬᠠᠭᠤᠴᠢᠨ ᠲᠤᠭᠤᠷᠢᠭ ᠤᠨ ᠤᠰᠤᠨ ᠤ ᠦᠢᠯᠡᠳᠪᠦᠷᠢ ᠶᠢᠨ ᠤᠰᠤᠨ ᠤ ᠴᠢᠨᠠᠷ ᠢ ᠰᠢᠯᠭᠠᠨ ᠬᠡᠮᠵᠢᠬᠦ ᠴᠢᠳᠠᠪᠤᠷᠢ ᠶᠢ  ᠴᠢᠩᠭᠠᠷᠠᠭᠤᠯᠬᠤ ᠲᠦᠷᠦᠯ ᠵᠦᠢᠯ ᠢ  ᠭᠡᠷᠡᠭᠵᠢᠬᠦᠯᠵᠦ᠂  ᠤᠰᠤᠨ ᠤ ᠴᠢᠨᠠᠷ ᠢ ᠤᠯᠠᠮ ᠰᠠᠶᠢᠵᠢᠷᠠᠭᠤᠯᠤᠨ᠎ᠠ᠃  ᠵᠢᠷᠭᠤᠭ᠎ᠠ ᠳᠤ᠂ ᠬᠤᠰᠢᠭᠤ ᠲᠤᠭᠤᠷᠢᠭ ᠤᠨ ᠨᠡᠶᠢᠳᠡ ᠶᠢᠨ ᠵᠠᠮ ᠬᠠᠷᠢᠯᠴᠠᠭᠠᠨ ᠤ ᠲᠦᠷᠦᠯ ᠵᠦᠢᠯ   ᠤᠨ ᠪᠠᠶᠢᠭᠤᠯᠤᠯᠳᠠ ᠶᠢ  ᠬᠢᠵᠦ᠂  ᠵᠠᠮ ᠨᠡᠪᠳᠡᠷᠡᠯᠬᠡ ᠶᠢᠨ ᠴᠢᠨᠠᠷ ᠲᠡᠰ ᠢ ᠲᠡᠭᠡᠭᠰᠢᠯᠡᠬᠦᠯᠦᠨ᠎ᠡ᠃  ᠲᠤᠯᠤᠭ᠎ᠠ ᠳᠤ᠂ ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠪᠠ ᠦᠢᠯᠡᠴᠢᠯᠡᠭᠡ ᠶᠢ ᠰᠠᠶᠢᠵᠢᠷᠠᠭᠤᠯᠬᠤ ᠤᠨ ᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂  ᠠᠳᠠᠯ ᠠᠬᠤᠢ ᠶᠢᠨ ᠬᠠᠮᠢᠶᠠᠷᠤᠯᠳᠠ ᠶᠢᠨ  ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号