2021 ᠤᠨ ᠤ ᠬᠠᠩᠰᠢ ᠶᠢᠨ ᠡᠳᠦᠷ ᠲᠦᠷᠭᠡᠨ ᠤ ᠵᠠᠰᠠᠮᠠᠯ ᠵᠠᠮ ᠠᠴᠠ ᠰᠦᠢᠳᠭᠡᠯ ᠬᠤᠷᠢᠶᠠᠬᠤ ᠪᠤᠯ ᠤᠤ︖ | | ︽ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ ᠪᠠᠭ᠎ᠠ ᠬᠡᠯᠪᠡᠷᠢ ᠶᠢᠨ | ᠠᠶᠠᠨᠴᠢᠳ ᠤᠨ ᠮᠠᠰᠢᠨ ᠲᠡᠷᠭᠡ ᠠᠴᠠ ᠵᠠᠮ ᠤᠨ ᠰᠦᠢᠳᠭᠡᠯ ᠥᠯᠥ ᠬᠤᠷᠢᠶᠠᠬᠤ ᠲᠤᠬᠠᠢ ᠬᠡᠷᠡᠭᠵᠢᠭᠦᠯᠬᠦ ᠲᠥᠰᠦᠯ︾ ᠢ | ᠦᠨᠳᠦᠰᠦᠯᠡᠪᠡᠯ᠂ ᠰᠦᠢᠳᠭᠡᠯ ᠬᠤᠷᠢᠶᠠᠳᠠᠭ ᠵᠠᠰᠠᠮᠠᠯ ᠵᠠᠮ ᠠᠴᠠ ᠰᠦᠢᠳᠭᠡᠯ ᠥᠯᠥ ᠬᠤᠷᠢᠶᠠᠬᠤ ᠴᠠᠭ ᠨᠢ ᠴᠠᠭᠠᠨ | ᠰᠠᠷ᠎ᠠ᠂ ᠬᠠᠩᠰᠢ ᠶᠢᠨ ᠡᠳᠦᠷ᠂ ᠬᠥᠳᠡᠯᠮᠦᠷᠢᠴᠢᠳ ᠤᠨ ᠪᠠᠶᠠᠷ᠂ ᠤᠯᠤᠰ ᠤᠨ ᠪᠠᠶᠠᠷ ᠤᠨ ᠡᠳᠦᠷ᠂ ᠤᠯᠤᠰ ᠤᠨ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠵᠢᠴᠢ ᠲᠤᠬᠠᠶ ᠶᠢᠨ ᠵᠢᠯ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠤᠨ | ᠲᠡᠭᠡᠷ᠎ᠡ ᠠᠮᠠᠷᠠᠯᠲᠠ ᠶᠢᠨ ᠡᠳᠦᠷ ᠢᠶᠠᠨ ᠨᠡᠮᠡᠵᠦ ᠵᠠᠯᠭᠠᠯᠳᠤᠭᠤᠯᠤᠨ ᠠᠮᠠᠷᠠᠵᠣ ᠪᠣᠯᠣᠨ᠎ᠠ ᠬᠡᠪᠡ᠃ ᠡᠭᠦᠨ ᠠᠴᠠ ᠭᠠᠳᠠᠨ᠎ᠠ | ᠂ ᠨᠢᠳᠤᠨᠤᠨ ᠤ ᠬᠢ ᠲᠠᠢ ᠬᠠᠷᠢᠴᠠᠭᠤᠯᠪᠠᠯ᠂ ᠤᠯᠤᠰ ᠤᠨ ᠳᠣᠲᠣᠭᠠᠳᠤ ᠶᠢᠨ ᠲᠦᠷᠭᠡᠨ ᠤ ᠵᠠᠰᠠᠮᠠᠯ ᠵᠠᠮ ᠢᠶᠠᠷ ᠨᠡᠪᠲᠡᠷᠡᠬᠦ | ᠠᠷᠭ᠎ᠠ ᠬᠡᠯᠪᠡᠷᠢ ᠳᠤ ᠪᠠᠰᠠ ᠡᠳᠦᠶ ᠲᠡᠳᠦᠶ ᠬᠤᠪᠢᠷᠠᠯᠲᠠ ᠭᠠᠷᠴᠠᠶ᠂ ᠡᠭᠦᠨ ᠢ ᠲᠡᠷᠭᠡᠨ ᠤ ᠵᠢᠯᠤᠭᠤᠴᠢ ᠨᠠᠷ | ᠠᠩᠬᠠᠷᠤᠯ ᠳᠠᠭᠠᠨ ᠠᠪᠤᠭᠠᠷᠠᠢ᠃ | ᠮᠤᠵᠢ ᠶᠢᠨ ᠵᠠᠭᠠᠭ ᠤᠨ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ᠴᠠᠬ ᠬᠤᠭᠤᠴᠠᠭ᠎ᠠ | ᠬᠤᠪᠢᠶᠠᠵᠤ ᠰᠦᠢᠳᠭᠡᠯ ᠪᠤᠳᠤᠨ᠎ᠠ᠂ ᠨᠢᠳᠤᠨᠤᠨ ᠤ ᠵᠢᠯ ᠤᠨ ᠡᠬᠢᠨ ᠠᠴᠠ ᠡᠬᠢᠯᠡᠨ ᠲᠦᠷᠭᠡᠨ ᠤ ᠵᠠᠰᠠᠮᠠᠯ ᠵᠠᠮ ᠤᠨ | ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠬᠦᠴᠦᠨ ᠥᠬᠡᠶ ᠪᠣᠯᠭᠠᠵᠤ᠂ ETC ᠪᠠᠷ | ᠰᠦᠢᠳᠭᠡᠯ ᠬᠤᠷᠢᠶᠠᠬᠤ ᠠᠷᠭ᠎ᠠ ᠶᠢ ᠠᠪᠴᠤ᠂ ᠲᠡᠷᠭᠡ ᠪᠠᠨ ᠵᠣᠭᠰᠣᠭᠠᠬᠤ ᠥᠬᠡᠶ ᠪᠠᠷ ᠮᠤᠵᠢ ᠠᠯᠤᠰᠯᠠᠨ ᠲᠡᠷᠭᠡ | ᠵᠢᠯᠣᠭᠤᠳᠤᠨ ᠭᠠᠷᠴᠤ ᠪᠤᠯᠬᠤ ᠪᠤᠯᠭᠠᠪᠠ᠃ ᠡᠭᠦᠨ ᠤ ᠬᠠᠮᠲᠤ᠂ ︽ᠴᠠᠬ ᠬᠤᠭᠤᠴᠠᠭ᠎ᠠ ᠬᠤᠪᠢᠶᠠᠵᠤ ᠰᠦᠢᠳᠭᠡᠯ | ᠪᠤᠳᠤᠬᠤ︾ ᠶᠢ ᠰᠦᠢᠳᠭᠡᠯ ᠬᠤᠷᠢᠶᠠᠬᠤ ᠰᠢᠨ᠎ᠡ ᠠᠷᠭ᠎ᠠ ᠮᠠᠶ᠋ᠢᠭ ᠪᠣᠯᠭᠠᠵᠤ᠂ ᠠᠶᠠᠯᠠᠬᠰᠠᠨ ᠵᠠᠮ ᠤᠨ ᠤᠷᠳᠤ ᠪᠠᠷ ᠨᠢ | ᠰᠦᠢᠳᠭᠡᠯ ᠬᠤᠷᠢᠶᠠᠵᠤ᠂ ᠢᠯᠡᠭᠦᠦ ᠠᠶᠠᠯᠠᠪᠠᠯ ᠢᠯᠡᠭᠦᠦ ᠬᠤᠷᠢᠶᠠᠵᠤ᠂ ᠰᠦᠢᠳᠭᠡᠯ ᠪᠤᠳᠤᠬᠤ ᠪᠦᠬᠦᠯᠢ | ᠴᠣᠭᠴᠠ ᠶᠢ ᠨᠢ ᠨᠠᠩ ᠣᠨᠣᠪᠴᠢᠲᠠᠶ ᠪᠣᠯᠭᠠᠪᠡ᠃ ᠭᠡᠪᠡᠴᠦ ᠠᠩᠬᠠᠷᠤᠭᠤᠰᠢᠲᠠᠶ ᠨᠢ᠂ ᠰᠦᠢᠳᠭᠡᠯ ᠦᠯᠦ ᠬᠤᠷᠢᠶᠠᠬᠤ | ᠴᠠᠭ ᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠳᠤ ᠭᠠᠷᠤᠭᠰᠠᠨ ᠡᠰᠡᠬᠦ ᠬᠠᠮᠢᠶ᠎ᠠ ᠥᠬᠡᠶ᠂ ᠰᠦᠢᠳᠭᠡᠯ ᠦᠯᠦ | ᠬᠤᠷᠢᠶᠠᠬᠤ ᠴᠠᠬ ᠬᠤᠭᠤᠴᠠᠭᠠᠨ ᠳᠤ ᠲᠦᠷᠭᠡᠨ ᠤ ᠵᠠᠰᠠᠮᠠᠯ ᠵᠠᠮ ᠠᠴᠠ ᠪᠠᠭᠤᠳᠠᠭ ᠯᠠ ᠶᠤᠮ ᠪᠣᠯ ᠴᠥᠮ ᠰᠦᠢᠳᠭᠡᠯ | ᠬᠤᠷᠢᠶᠠᠬᠤ ᠥᠬᠡᠶ᠃ ᠭᠡᠪᠡᠴᠦ ᠰᠦᠢᠳᠭᠡᠯ ᠦᠯᠦ ᠬᠤᠷᠢᠶᠠᠬᠤ ᠴᠠᠭ ᠬᠤᠭᠤᠴᠠᠭᠠᠨ ᠠᠴᠠ ᠬᠡᠲᠦᠷᠡᠭᠡᠳ ᠲᠦᠷᠭᠡᠨ ᠤ | ᠵᠠᠰᠠᠮᠠᠯ ᠵᠠᠮ ᠠᠴᠠ ᠪᠠᠭᠤᠬᠤ ᠳᠤ ᠬᠦᠷᠪᠡᠯ ᠲᠠᠷᠤᠢ ᠪᠥᠬᠦ ᠵᠠᠮ ᠤᠨ ᠰᠦᠢᠳᠭᠡᠯ ᠬᠤᠷᠢᠶᠠᠵᠤ᠂ ᠴᠠᠬ ᠬᠤᠭᠤᠴᠠᠭ᠎ᠠ | ᠬᠤᠪᠢᠶᠠᠵᠤ ᠰᠦᠢᠳᠭᠡᠯ ᠪᠤᠳᠤᠵᠤ ᠦᠭᠭᠦ ᠥᠬᠡᠶ᠃ | 8 ᠰᠠᠭᠤᠳᠠᠯ ᠲᠠᠢ ᠪᠠ 9 ᠰᠠᠭᠤᠳᠠᠯ ᠲᠠᠢ ᠮᠠᠰᠢᠨ ᠲᠡᠷᠭᠡ ᠶᠢ ᠨᠢᠭᠡᠳᠦᠭᠡᠷ ᠲᠥᠷᠥᠯ ᠤᠨ ᠮᠠᠰᠢᠨ ᠲᠡᠷᠭᠡᠨ ᠳᠤ | ᠤᠷᠤᠭᠤᠯᠪᠠ᠂ 8 ᠰᠠᠭᠤᠳᠠᠯ ᠲᠠᠢ ᠪᠠ 9 ᠰᠠᠭᠤᠳᠠᠯ ᠲᠠᠢ ᠮᠠᠰᠢᠨ ᠲᠡᠷᠭᠡ ᠶᠢ ᠨᠢᠭᠡᠳᠦᠭᠡᠷ ᠲᠥᠷᠥᠯ ᠤᠨ ᠮᠠᠰᠢᠨ | ᠲᠡᠷᠭᠡᠨ ᠳᠤ ᠤᠷᠤᠭᠤᠯᠤᠬᠰᠠᠨ ᠤ ᠳᠠᠷᠠᠭ᠎ᠠ᠂ ᠲᠦᠷᠭᠡᠨ ᠤ ᠵᠠᠰᠠᠮᠠᠯ ᠵᠠᠮ ᠤᠨ ᠲᠤᠰᠢᠶᠠᠬᠤ ᠰᠦᠢᠳᠭᠡᠯ ᠨᠢ ᠢᠯᠡᠳᠲᠡ | ᠪᠠᠭᠠᠰᠤᠨ᠎ᠠ᠃ ᠭᠡᠪᠡᠴᠦ᠂ ᠣᠳᠣᠬᠠᠨ ᠳᠤ ᠲᠦᠷᠭᠡᠨ ᠤ ᠵᠠᠰᠠᠮᠠᠯ ᠵᠠᠮ ᠤᠨ ᠰᠦᠢᠳᠭᠡᠯ ᠥᠯᠥ ᠬᠤᠷᠢᠶᠠᠬᠤ ᠲᠥᠷᠥ ᠶᠢᠨ | ᠪᠣᠳᠣᠯᠭ᠎ᠠ ᠶᠢ 7 ᠠᠴᠠ ᠳᠣᠷᠣᠭᠰᠢᠬᠢ ᠰᠠᠭᠤᠳᠠᠯ ᠲᠠᠢ ᠲᠡᠷᠭᠡ ᠬᠥᠰᠬᠡ ᠳᠤ ᠯᠡ ᠬᠡᠷᠡᠭᠵᠢᠭᠦᠯᠦᠨ᠎ᠡ᠃ ᠬᠡᠬᠦ ᠳᠡᠭᠡᠨ 8 | - 9 ᠰᠠᠭᠤᠳᠠᠯ ᠲᠠᠢ ᠮᠠᠰᠢᠨ ᠲᠡᠷᠭᠡ ᠨᠢ ᠮᠥᠨ ᠯᠡ ᠪᠠᠶᠠᠷ ᠳᠤᠷᠠᠰᠬᠠᠯ ᠤᠨ ᠡᠳᠦᠷ ᠲᠦᠷᠭᠡᠨ ᠤ ᠵᠠᠰᠠᠮᠠᠯ ᠵᠠᠮ ᠤᠨ | ᠰᠦᠢᠳᠭᠡᠯ ᠦᠯᠦ ᠬᠤᠷᠢᠶᠠᠬᠤ ᠲᠥᠷᠥ ᠶᠢᠨ ᠪᠣᠳᠣᠯᠭ᠎ᠠ ᠶᠢ ᠭᠥᠷᠳᠡᠵᠦ ᠳᠡᠶᠢᠯᠬᠦ ᠥᠬᠡᠶ ᠶᠤᠮ᠃ | ᠥᠨᠥ ᠵᠢᠯ ᠤᠨ ᠬᠠᠩᠰᠢ ᠶᠢᠨ ᠡᠳᠦᠷ ᠲᠤ ᠲᠠᠬᠢᠯᠭ᠎ᠠ ᠬᠢᠵᠦ ᠪᠤᠯᠤᠨ᠎ᠠ ᠤᠤ︖ | ᠠᠷᠠᠳ ᠤᠨ ᠶᠠᠪᠤᠳᠠᠯ ᠤᠨ ᠶᠠᠮᠤᠨ ᠮᠡᠳᠡᠭᠳᠡᠯ ᠨᠡᠶᠢᠲᠡᠯᠡᠵᠦ᠄ ᠬᠠᠩᠰᠢ ᠶᠢᠨ ᠡᠳᠦᠷ ᠤᠨ ᠬᠤᠭᠤᠴᠠᠭᠠᠨ ᠳᠤ | ᠲᠤᠬᠠᠶ ᠶᠢᠨ ᠲᠠᠯᠠᠪᠠᠶ ᠶᠢᠨ ᠲᠠᠬᠢᠯᠭ᠎ᠠ ᠶᠢᠨ ᠦᠢᠯᠡᠴᠢᠯᠡᠭᠡ ᠬᠠᠨᠭ᠍ᠭᠠᠬᠤ ᠭᠠᠵᠠᠷ ᠣᠷᠣᠨ ᠨᠢ ᠤᠷᠢᠳᠴᠢᠯᠠᠨ ᠪᠣᠯᠵᠣᠬᠤ | ᠣᠷᠭᠢᠯ ᠤᠨ ᠬᠤᠭᠤᠴᠠᠭ᠎ᠠ ᠶᠢ ᠵᠥᠷᠢᠭᠦᠯᠬᠦ᠂ ᠬᠦᠮᠦᠨ ᠤ ᠴᠤᠪᠤᠭ᠎ᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ | ᠠᠪᠴᠤ᠂ ᠲᠠᠬᠢᠯᠭ᠎ᠠ ᠳᠤ ᠣᠷᠣᠯᠴᠠᠬᠤ ᠬᠦᠮᠦᠰ ᠤᠪᠤᠭᠠᠷᠠᠬᠤ ᠶᠢ ᠠᠯᠢ ᠴᠢᠳᠠᠬᠤ ᠪᠠᠷ ᠬᠢᠵᠠᠭᠠᠷᠯᠠᠨ᠂ ᠲᠠᠬᠢᠯᠭ᠎ᠠ ᠶᠢᠨ | ᠲᠤᠬᠠᠶ ᠶᠢᠨ ᠲᠠᠯᠠᠪᠠᠶ ᠶᠢᠨ ᠬᠥᠮᠦᠰ ᠤᠨ ᠴᠤᠭᠯᠠᠷᠠᠯ ᠢ ᠪᠠᠭᠠᠰᠬᠠᠬᠤ ᠶᠢᠨ ᠬᠠᠮᠲᠤ ᠲᠠᠬᠢᠯᠭ᠎ᠠ ᠶᠢᠨ ᠲᠠᠯᠠᠪᠤᠷ ᠢ | ᠴᠡᠪᠡᠷᠯᠡᠨ ᠠᠷᠢᠭᠤᠳᠬᠠᠬᠤ᠂ ᠲᠠᠬᠢᠯᠭ᠎ᠠ ᠳᠤ ᠣᠷᠣᠯᠴᠠᠬᠤ ᠬᠦᠮᠦᠰ ᠤᠨ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ | ᠵᠡᠭᠦᠬᠦ᠂ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠰᠢᠯᠭᠠᠨ ᠪᠠᠶᠢᠴᠠᠭᠠᠬᠤ ᠵᠡᠷᠭᠡ ᠰᠡᠷᠭᠡᠶᠢᠯᠡᠨ ᠬᠤᠷᠢᠬᠯᠠᠬᠤ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠲᠤᠬᠠᠶ ᠶᠢᠨ ᠲᠠᠯᠠᠪᠠᠶ ᠶᠢᠨ ᠲᠠᠬᠢᠯᠭ᠎ᠠ ᠶᠢᠨ | ᠦᠢᠯᠡᠴᠢᠯᠡᠭᠡ ᠬᠠᠨᠭ᠍ᠭᠠᠬᠤ ᠶᠢ ᠲᠦᠷ ᠵᠣᠭᠰᠣᠭᠠᠭᠰᠠᠨ ᠭᠠᠵᠠᠷ ᠣᠷᠣᠨ ᠨᠤᠭᠤᠳ ᠨᠢ ᠦᠢᠯᠡᠴᠢᠯᠡᠭᠡ ᠶᠢᠨ ᠵᠠᠭᠪᠤᠷ ᠢᠶᠠᠨ | ᠢᠳᠡᠪᠬᠢᠲᠡᠶ ᠪᠠᠷ ᠰᠢᠨᠡᠴᠢᠯᠡᠵᠦ᠂ ᠰᠦᠯᠵᠢᠶ᠎ᠡ ᠪᠠᠷ ᠲᠠᠬᠢᠯᠭ᠎ᠠ ᠬᠢᠬᠦ᠂ ᠣᠷᠣᠯᠠᠨ ᠲᠠᠬᠢᠯᠭ᠎ᠠ ᠬᠢᠬᠦ᠂ ᠡᠭᠦᠯᠡᠨ ᠲᠠᠬᠢᠯᠭ᠎ᠠ | ᠬᠢᠬᠦ ᠵᠡᠷᠭᠡ ᠠᠷᠠᠳ ᠲᠤ ᠲᠥᠬᠦᠮ ᠦᠵᠡᠭᠦᠯᠬᠦ᠂ ᠣᠶᠤᠨᠴᠢ ᠦᠢᠯᠡᠴᠢᠯᠡᠭᠡ ᠶᠢ ᠬᠠᠩᠭᠠᠬᠤ ᠬᠡᠷᠡᠭᠲᠡᠶ ᠬᠡᠪᠡ᠃ | |