ᠠᠷᠪᠠᠨ ᠲᠠᠪᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ  ︵ᠵᠢᠷᠭᠤᠭ᠎ᠠ︶
ᠨᠡᠶᠢᠲᠡᠯᠡᠭᠰᠡᠨ ᠴᠠᠭ᠄
2021/4/2
   ᠲᠣᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠢᠯᠡᠳᠲᠡ ᠲᠡᠭᠡᠭᠰᠢᠯᠡᠭᠰᠡᠨ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ 《 ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ 》 ᠰᠤᠷᠤᠯᠴᠠᠯᠭ᠎ᠠ ᠬᠥᠮᠦᠵᠢᠯ᠂ 《 ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠦᠷᠨᠢᠬᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠦᠷᠭᠦᠯᠵᠢᠯᠡᠨ ᠬᠦᠨᠵᠡᠬᠡᠢ ᠰᠤᠷᠤᠯᠴᠠᠵᠤ ᠨᠡᠪᠳᠡᠷᠭᠡᠢ ᠤᠶᠢᠯᠠᠭᠠᠵᠤ ᠲᠤᠤᠱᠳᠠᠢ ᠨᠠᠶᠢᠳᠠᠪᠤᠷᠢᠵᠢᠭᠤᠯᠵᠤ᠂ 《 ᠳᠥᠷᠪᠡᠨ ᠤᠬᠠᠮᠰᠠᠷ 》 ᠢᠶᠠᠨ ᠴᠢᠩᠭᠠᠳᠬᠠᠨ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠬᠦᠯᠪᠡ᠃《 ᠭᠤᠷᠪᠠᠨ ᠴᠢᠬᠤᠯᠠ ᠨᠢᠭᠡ ᠲᠤᠮᠤ 》 ᠤᠴᠢᠷ ᠶᠠᠪᠤᠳᠠᠯ ᠳᠤ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ ᠨᠢᠬᠡᠪᠦᠷᠢ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ ᠬᠦᠢᠴᠡᠳᠭᠡᠵᠡᠢ᠃ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠮᠤ ᠰᠢᠶᠠᠩ ᠪᠠᠯᠭᠠᠰᠤᠨ ᠤ 99 ᠲᠦᠷᠦᠯ ᠤᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠨ᠂ ᠪᠠᠷᠢᠯᠭ᠎ᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 45 ᠡᠳᠦᠷ ᠪᠣᠯᠲᠠᠯ᠎ᠠ ᠪᠣᠭᠤᠨᠢᠰᠬᠠᠵᠤ᠂ ᠠᠵᠤ ᠠᠬᠤᠶᠢᠯᠠᠯ ᠡᠷᠬᠢᠯᠡᠬᠦ ᠬᠦᠢᠴᠡᠳᠭᠡᠯ ᠤᠨ ᠶᠠᠪᠤᠳᠠᠯ ᠢ ᠬᠠᠭᠠᠰ ᠡᠳᠦᠷ ᠲᠤ ᠲᠠᠭᠤᠰᠬᠠᠨ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ 13 ᠵᠥᠪᠰᠢᠶᠡᠷᠡᠯ ᠤᠨ ᠵᠦᠶᠯᠡᠰ ᠲᠤ ᠠᠮᠠᠯᠠᠯᠲᠠ ᠬᠢᠯᠬᠡᠵᠦ ᠲᠦᠷᠭᠡᠨ ᠬᠦᠢᠴᠡᠳᠭᠡᠬᠦ ᠳᠦᠷᠢᠮ ᠢ ᠭᠡᠷᠡᠭᠵᠢᠬᠦᠯᠪᠡ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ 《 ᠳᠥᠷᠪᠡᠨ ᠰᠤᠷᠲᠠᠯ 》 ᠢ ᠴᠦᠬᠦᠷᠡᠰᠢ ᠦᠬᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠣᠶ ᠪᠤᠯᠭᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠬᠦᠯᠵᠡᠢ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠢᠨᠠᠨ ᠪᠤᠳᠤᠯᠳᠠ᠂ ᠴᠠᠭ ᠠᠭᠤᠷ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠵᠡᠷᠭᠡ ᠨᠢ ᠰᠢᠨ᠎ᠡ ᠠᠮᠵᠢᠯᠲᠠ ᠶᠢ ᠣᠯᠵᠤ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ᠂ ᠬᠡᠦᠬᠡᠳ ᠪᠠᠭᠠᠴᠤᠳ᠂ ᠨᠠᠰᠤᠲᠠᠶᠢᠴᠤᠳ ᠤᠨ ᠠᠵᠢᠯ ᠦᠶᠯᠡᠰ ᠵᠡᠷᠭᠡ ᠨᠢ ᠰᠢᠨ᠎ᠡ ᠳᠠᠪᠰᠢᠯᠲᠠ ᠲᠠᠢ ᠪᠣᠯᠵᠤ᠂ ᠤᠯᠤᠰ ᠤᠨ ᠠᠮᠤᠷ ᠲᠦᠪᠰᠢᠨ  ᠤ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠰᠢᠨ᠎ᠡ ᠠᠬᠢᠯᠳᠠ ᠶᠢ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号