ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ | ᠰᠠᠶᠢᠲᠤᠷ ᠬᠡᠷᠡᠭᠵᠢᠭᠦᠯᠬᠦ ᠲᠤᠬᠠᠶ ᠪᠠᠶᠢᠷᠢᠯᠠᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ | ᠠᠷᠠᠳ ᠲᠤ ᠠᠰᠢᠭ ᠬᠦᠷᠲᠡᠭᠡᠬᠦ ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ | ᠲᠥᠰᠦᠯ︶︾ ᠢ ᠪᠠᠲᠤᠯᠠᠪᠠ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ | ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ | ᠰᠠᠶᠢᠲᠤᠷ ᠬᠡᠷᠡᠭᠵᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ | ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠶ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ | ᠲᠥᠰᠦᠯ︶︾ ᠢ ᠪᠠᠲᠤᠯᠠᠵᠠᠢ᠃ ᠬᠤᠷᠠᠯ ᠳᠤ ᠵᠢᠭᠠᠨ ᠭᠠᠷᠭᠠᠬᠤ ᠳᠤ ᠪᠠᠨ᠂ ᠡᠳ᠋ ᠤᠨ ᠵᠠᠰᠠᠭ ᠤᠨ ᠪᠡᠯᠡ ᠮᠥᠩᠭᠦ ᠶᠢ | ᠰᠢᠭᠤᠳ ᠬᠦᠷᠭᠡᠬᠦ ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠭᠦᠳᠬᠦ | ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠣᠰᠣᠭᠠᠷ᠂ ᠨᠢᠳᠤᠨᠤᠨ ᠲᠥᠪ ᠤᠨ ᠡᠳ᠋ ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ | ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠰᠢᠶᠠᠨ ᠤ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠦᠶ᠋ᠳᠬᠡᠯ ᠢ | ᠪᠠᠭᠤᠷᠠᠭᠤᠯᠬᠤ ᠳᠤ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠦᠶ᠋ᠯᠡᠳᠦᠯ ᠪᠠᠳᠠᠷᠠᠭᠤᠯᠵᠤ᠂ ᠠᠵᠤ ᠠᠬᠤᠶ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠰᠢᠭᠤᠳ ᠬᠦᠷᠭᠡᠬᠦ ᠲᠣᠭᠲᠠᠴᠠ ᠶᠢ | ᠪᠠᠶᠢᠩᠭᠤᠵᠢᠭᠤᠯᠬᠤ ᠨᠢ ᠨᠢᠳᠤᠨᠤᠨ ᠤ ᠰᠢᠭᠤᠳ ᠬᠦᠷᠭᠡᠬᠦ ᠪᠡᠯᠡ ᠮᠥᠩᠭᠦ ᠶᠢ ᠪᠦᠬᠦᠨ ᠢ ᠨᠡᠮᠡᠭᠳᠡᠯ ᠪᠡᠯᠡ ᠮᠥᠩᠭᠦ | ᠪᠣᠯᠭᠠᠭᠰᠠᠨ ᠲᠠᠢ ᠠᠳᠠᠯᠢ ᠦᠭᠡᠢ᠂ ᠡᠨᠡ ᠵᠢᠯ ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭᠠᠨ᠎ᠠ᠂ ᠪᠡᠯᠡ ᠮᠥᠩᠭᠦ ᠶᠢᠨ | ᠬᠤᠪᠢᠶᠠᠷᠢᠯᠠᠯᠲᠠ ᠶᠢᠨ ᠠᠰᠢᠭ ᠲᠤᠰᠠ ᠶᠢᠨ ᠪᠠᠶᠢᠷᠢᠰᠢᠯ ᠢ ᠥᠭᠡᠷᠡᠴᠢᠯᠡᠨ ᠲᠣᠬᠢᠷᠠᠭᠤᠯᠬᠤ ᠪᠠᠷ ᠳᠠᠮᠵᠢᠭᠤᠯᠤᠨ᠂ ᠲᠥᠪ ᠤᠨ | ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ ᠪᠡᠯᠡ ᠮᠥᠩᠭᠦ ᠶᠢ ᠪᠦᠬᠦᠨ ᠢ ᠨᠢ | ᠰᠢᠭᠤᠳ ᠬᠦᠷᠭᠡᠬᠦ ᠬᠡᠪᠴᠢᠶᠡᠨ ᠳᠤ ᠣᠷᠣᠭᠤᠯᠵᠤ᠂ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢ 2.8 ᠲᠦᠮᠡᠨ ᠳ᠋ᠦᠩᠰᠢᠭᠤᠷ | ᠲᠥᠭᠦᠷᠢᠭ ᠲᠤ ᠬᠦᠷᠦᠭᠦᠯᠦᠨ᠎ᠡ᠃ ᠣᠳᠣᠬᠠᠨ ᠳᠤ ᠲᠥᠪ ᠤᠨ ᠡᠳ᠋ ᠤᠨ ᠵᠠᠰᠠᠭ ᠠᠴᠠ ᠰᠢᠭᠤᠳ ᠪᠠᠭᠤᠯᠭᠠᠭᠰᠠᠨ ᠪᠠᠯᠠ | ᠮᠥᠩᠭᠦ 2.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ 2.2 ᠲᠦᠮᠡᠨ ᠳ᠋ᠦᠩᠰᠢᠭᠤᠷ ᠭᠠᠷᠤᠢ ᠲᠥᠭᠦᠷᠢᠭ ᠢ | ᠨᠢᠭᠡᠨᠲᠡ ᠪᠠᠯᠠ ᠮᠥᠩᠭᠦ ᠬᠡᠷᠡᠭᠯᠡᠬᠦ ᠨᠢᠭᠡᠴᠢ ᠳᠤ ᠪᠠᠭᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ | ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ ᠭᠤᠤᠯᠳᠠᠯᠭ᠎ᠠ ᠶᠢ ᠳᠣᠪᠤᠶᠢᠯᠭᠠᠨ᠎ᠠ᠃ ᠠᠵᠤ ᠠᠬᠤᠶ ᠶᠢ | ᠲᠣᠭᠲᠠᠭᠤᠨ ᠪᠠᠶᠢᠯᠭᠠᠬᠤ ᠶᠢᠨ ᠳᠠᠭᠠᠤ ᠪᠠᠬᠢᠵᠢᠭᠦᠯᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠰᠢᠭᠤᠳ ᠬᠦᠷᠭᠡᠬᠦ ᠪᠠᠯᠠ | ᠮᠥᠩᠭᠦ ᠶᠢ ᠬᠡᠰᠡᠭ ᠱᠠᠲᠤ ᠦᠶᠡᠴᠢ ᠴᠢᠨᠠᠷᠲᠠᠶ ᠲᠥᠷᠥ ᠶᠢᠨ ᠪᠣᠳᠣᠯᠭ᠎ᠠ ᠶᠢᠨ ︽ᠪᠠᠭᠤᠷᠠᠯᠲᠠ︾ ᠶᠢᠨ ᠨᠥᠯᠥᠭᠡ ᠶᠢ | ᠠᠷᠢᠯᠭᠠᠬᠤ ᠴᠢᠬᠤᠯᠠ ᠠᠷᠭ᠎ᠠ ᠪᠠᠷᠢᠯ ᠤᠨ ᠨᠢᠭᠡ ᠨᠢ ᠪᠣᠯᠭᠠᠵᠤ᠂ ᠲᠠᠭᠦᠨ ᠢ ᠭᠤᠤᠯᠳᠠᠭᠤ ᠠᠵᠢᠯ ᠣᠯᠭᠤᠯᠲᠠ ᠶᠢ ᠪᠠᠲᠤᠯᠠᠬᠤ | ᠠᠷᠠᠳ ᠤᠨ ᠠᠮᠢᠳᠤᠷᠠᠯ ᠢ ᠪᠠᠲᠤᠯᠠᠬᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠶᠢ ᠳᠡᠮᠵᠢᠬᠦ ᠳᠤ | ᠦᠷᠭᠦᠯᠵᠢᠯᠡᠨ ᠬᠡᠷᠡᠭᠯᠡᠵᠦ᠂ ᠪᠠᠯᠠ ᠮᠥᠩᠭᠦ ᠶᠢ ᠣᠯᠠᠨ ᠲᠦᠮᠡᠨ ᠤ ᠬᠦᠰᠡᠯ ᠡᠷᠡᠮᠡᠯᠵᠡᠯ᠂ ᠠᠵᠤ ᠠᠬᠤᠶᠢᠯᠠᠯ ᠤᠨ ᠬᠦᠰᠡᠵᠦ | ᠪᠠᠶᠢᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ ᠤ ᠴᠠᠯᠢᠩ ᠢ ᠪᠠᠲᠤᠯᠠᠬᠤ ᠪᠠ ᠡᠷᠭᠢᠯᠲᠡ ᠶᠢ ᠪᠠᠲᠤᠯᠠᠬᠤ ᠳᠤ | ᠬᠡᠷᠡᠭᠯᠡᠨ᠂ ᠨᠠᠩ ᠣᠯᠠᠨ ᠡᠳ᠋ ᠤᠨ ᠬᠦᠴᠦᠨ ᠢ ᠲᠥᠪᠯᠡᠷᠡᠭᠦᠯᠦᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ | ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ ᠣᠷᠣᠭᠤᠯᠤᠯᠲᠠ ᠶᠢ | ᠨᠡᠮᠡᠭᠳᠡᠭᠦᠯᠵᠦ᠂ ᠲᠠᠷᠢᠶᠠᠯᠠᠩ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠬᠤᠶᠠᠷ ᠲᠤ᠂ ᠣᠷᠣᠨ | ᠨᠤᠲᠤᠭ ᠢ ᠰᠢᠪᠠᠳᠠᠵᠤ ᠪᠠᠶᠢᠭᠠᠳ ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠶᠢ ᠪᠠᠭᠤᠯᠭᠠᠬᠤ ᠪᠠ ᠬᠡᠷᠡᠭᠯᠡᠬᠦ ᠠᠵᠢᠯ ᠢ | ᠰᠠᠶᠢᠲᠤᠷ ᠬᠢᠯᠭᠡᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠨᠠᠶᠢᠳᠠᠪᠤᠷᠢᠵᠢᠭᠤᠯᠤᠨ | ᠪᠣᠲᠠᠲᠠᠶᠢᠵᠢᠭᠤᠯᠬᠤ ᠶᠢ ᠪᠠᠲᠤᠯᠠᠨ᠎ᠠ᠃ ᠣᠷᠣᠨ ᠨᠤᠲᠤᠭ ᠢ ᠵᠢᠯᠣᠭᠤᠳᠴᠤ ᠪᠠᠶᠢᠭᠠᠳ ᠲᠥᠪ ᠤᠨ ᠰᠢᠭᠤᠳ ᠬᠦᠷᠭᠡᠬᠦ ᠪᠡᠯᠡ | ᠮᠥᠩᠭᠦ ᠶᠢᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠣᠷᠣᠨ ᠨᠤᠲᠤᠭ ᠤᠨ | ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ ᠱᠠᠲᠤᠨ ᠤ | ᠵᠠᠰᠠᠭ ᠤᠨ ᠣᠷᠳᠣᠨ ᠦᠷᠭᠦᠯᠵᠢᠯᠡᠨ ︽ᠵᠠᠮ ᠤᠨ ᠨᠠᠮᠰᠠᠷᠠᠢ ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ ᠡᠭᠦᠷᠦᠭᠰᠡᠨ | ᠨᠣᠶᠠᠨ︾ ᠪᠣᠯᠵᠤ ᠪᠣᠯᠬᠤ ᠦᠭᠡᠢ᠂ ᠨᠠᠩ ᠣᠯᠠᠨ ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠵᠤ᠂ ᠦᠨᠳᠦᠰᠦᠨ | ᠱᠠᠲᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠶ᠃ | ᠭᠤᠷᠪᠠ ᠳᠤ᠂ ᠰᠢᠭᠤᠳ ᠬᠦᠷᠭᠡᠬᠦ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠳᠠᠯᠠᠨ᠎ᠠ᠃ ᠡᠳ᠋ ᠤᠨ ᠵᠠᠰᠠᠭ᠂ | ᠬᠢᠨᠠᠨ ᠪᠤᠳᠤᠯᠲᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠬᠢᠨᠠᠯᠲᠠ ᠪᠠᠨ ᠴᠢᠩᠭᠠᠳᠬᠠᠵᠤ᠂ ᠣᠷᠣᠨ | ᠨᠤᠲᠤᠭ ᠤᠨ ᠪᠠᠯᠠ ᠮᠥᠩᠭᠦ ᠬᠤᠪᠢᠶᠠᠷᠢᠯᠠᠭᠰᠠᠨ᠂ ᠰᠠᠯᠭᠠᠨ ᠥᠭᠭᠦᠭᠰᠡᠨ ᠪᠠ ᠬᠡᠷᠡᠭᠯᠡᠭᠰᠡᠨ ᠪᠠᠶᠢᠳᠠᠯ ᠢ ᠬᠥᠳᠡᠯᠦᠩᠭᠦᠶ ᠪᠠᠷ | ᠮᠥᠷᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ ᠵᠠᠯᠠᠷᠠᠭᠤᠯᠵᠤ᠂ ᠬᠠᠮᠢᠶ᠎ᠠ ᠪᠥᠬᠦᠶ | ᠣᠷᠣᠨ ᠨᠤᠲᠤᠭ ᠵᠢᠴᠢ ᠬᠠᠷᠢᠭᠤᠴᠠᠯᠭᠠᠲᠠᠳ ᠲᠠᠢ ᠪᠠᠶᠢᠳᠠᠯ ᠢ ᠨᠢ ᠦᠵᠡᠵᠦ ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ | ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠨᠢᠭᠡ ᠶᠢ ᠣᠯᠵᠤ ᠮᠡᠳᠡᠪᠡᠯ ᠨᠢᠭᠡ ᠶᠢ | ᠲᠦᠢᠯᠪᠤᠷᠢᠲᠠᠶ ᠪᠠᠶᠢᠴᠠᠭᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠰᠢᠭᠤᠳ ᠪᠠᠯᠠ | ᠮᠥᠩᠭᠦ ᠶᠢ ᠣᠨᠢᠨ ᠳᠡᠭᠡᠷ᠎ᠡ ᠨᠢ ᠬᠡᠷᠡᠭᠯᠡᠬᠦ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ | ᠪᠣᠳᠠᠲᠤ ᠦᠷ᠎ᠡ ᠪᠦᠲᠦᠮᠵᠢ ᠶᠢ ᠨᠠᠩ ᠰᠠᠶᠢᠨ ᠪᠠᠳᠠᠷᠠᠭᠤᠯᠬᠤ ᠬᠡᠷᠡᠭᠲᠡᠶ ᠭᠡᠵᠡᠢ᠃ ᠬᠤᠷᠠᠯ ᠳᠤ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ | ᠣᠷᠣᠭᠤᠯᠬᠤ ᠲᠥᠰᠦᠯ︶︾ ᠢ ᠪᠠᠲᠤᠯᠠᠪᠠ᠃ ᠲᠥᠰᠦᠯ ᠳᠤ ᠲᠠᠷᠢᠶᠠᠨ ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ ᠢ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ᠂ ᠲᠠᠷᠢᠶᠠᠨ | ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠤᠯᠠᠮ ᠨᠢᠭᠡ ᠠᠯᠬᠤᠮ ᠲᠣᠳᠣᠷᠬᠠᠶ ᠬᠢᠵᠠᠭᠠᠷᠯᠠᠵᠤ᠂ ᠲᠠᠷᠢᠶᠠᠨ ᠭᠠᠵᠠᠷ ᠤᠨ ︽ᠡᠵᠡᠯᠡᠬᠦ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ ᠨᠢ ᠭᠠᠵᠠᠷ ᠰᠢᠷᠣᠶ | ᠲᠠᠲᠠᠪᠤᠷᠢᠯᠠᠬᠤ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ ᠤᠷᠢᠳᠴᠢᠯᠠᠨ ᠵᠠᠷᠯᠠᠬᠤ | ᠳᠦᠷᠢᠮ ᠢ ᠲᠣᠭᠲᠠᠭᠠᠵᠤ᠂ ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ ᠢ | ᠭᠦᠢᠴᠡᠳ ᠲᠤᠭ᠎ᠠ ᠪᠠᠷ ᠪᠣᠳᠠᠲᠠᠶᠢᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ | ᠦᠭᠡᠶ ᠭᠡᠵᠦ ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ | ᠣᠷᠣᠨ ᠰᠠᠭᠤᠴᠠ ᠶᠢᠨ ᠭᠠᠵᠠᠷ ᠤᠨ ᠬᠡᠷᠡᠭᠴᠡᠭᠡ ᠶᠢ ᠪᠠᠲᠤᠯᠠᠵᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠠᠰᠢᠭ ᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ ᠪᠠᠰᠠ ᠭᠠᠵᠠᠷ ᠰᠢᠷᠣᠶ ᠶᠢ ᠰᠢᠪᠠᠳᠠᠨ ᠪᠠᠶᠢᠴᠠᠭᠠᠬᠤ ᠲᠦᠷᠢᠮ ᠢ | ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠂ ᠬᠥᠳᠡᠯᠦᠩᠭᠦᠶ ᠲᠣᠭᠤᠷᠢᠨ | ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠬᠤ ᠶᠢᠨ ᠵᠡᠷᠭᠡᠴᠡᠭᠡ ᠲᠠᠷᠢᠶᠠᠨ ᠭᠠᠵᠠᠷ ᠢ ᠡᠪᠳᠡᠬᠦ᠂ ᠭᠠᠵᠠᠷ ᠰᠢᠷᠣᠶ ᠶᠢ ᠬᠠᠤᠯᠢ | ᠪᠤᠰᠤ ᠪᠠᠷ ᠡᠵᠡᠯᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ ᠭᠦᠶ᠋ᠴᠡᠳᠬᠡᠬᠦ ᠶᠢ ᠲᠡᠪᠴᠢᠬᠦ ᠵᠡᠷᠭᠡ | ᠬᠠᠤᠯᠢ ᠶᠢ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ | ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠢᠢᠳᠭᠡᠬᠦ ᠲᠤᠬᠠᠶ ᠲᠣᠭᠲᠠᠭᠠᠯ ᠨᠡᠮᠡᠭᠰᠡᠨ ᠪᠠᠶᠢᠨ᠎ᠠ᠃ | |