ᠰᠢᠤᠢ ᠢ ᠱᠢ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 1 ᠰᠠᠷ᠎ᠠ ᠳᠤ ᠲᠥᠷᠥᠵᠡᠢ᠂ ᠤᠭ | ᠨᠤᠳᠤᠭ ᠥᠪᠥᠷ ᠮᠣᠩᠭᠤᠯ ᠤᠨ ᠤᠯᠠᠭᠠᠨᠬᠠᠳᠠ ᠬᠤᠳᠠ᠃ 1997 ᠣᠨ ᠤ 9 ᠰᠠᠷ᠎ᠠ ᠳᠤ ᠠᠵᠢᠯ ᠳᠤ ᠣᠷᠣᠵᠤ᠂ | 2000 ᠤᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠠᠢ᠂ ᠦᠪᠡᠷᠳᠡᠭᠡᠨ ᠰᠢᠯᠭᠠᠬᠤ | ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠬᠠᠭᠠᠨ ᠤ | ᠮᠠᠰᠲ᠋ᠧᠷ᠃ ᠲᠠᠶᠢᠹᠤᠰᠧ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ | ᠡᠬᠦᠷᠭᠡᠯᠡᠵᠦ ᠪᠤᠢ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ ᠲᠥᠪ ᠤᠨ | ᠪᠠᠲᠤᠯᠠᠭ᠎ᠠ ᠶᠢᠨ ᠬᠡᠯᠲᠡᠰ ᠤᠨ ᠵᠢᠩᠬᠢᠨᠢ ᠰᠠᠯᠠᠭᠠᠨ ᠳᠡᠰ ᠤᠨ ᠺᠠᠳ᠋ᠷ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠥᠯᠢᠶᠡᠨ ᠠᠪᠬᠤ ᠲᠥᠪ ᠤᠨ ᠭᠥᠯᠢᠶᠡᠨ ᠠᠪᠬᠤ ᠭᠠᠵᠠᠷ ᠤᠨ ᠬᠤᠨᠤᠭ | ᠪᠠᠶᠢᠷᠢ ᠶᠢᠨ ᠬᠡᠯᠲᠡᠰ ᠤᠨ ᠳᠡᠳ᠋ ᠳᠠᠭᠠᠭᠠᠮᠠᠯ ︵ᠵᠢᠩᠬᠢᠨᠢ ᠰᠠᠯᠠᠭᠠᠨ ᠳᠡᠰ︶᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ ᠲᠥᠪ ᠤᠨ ᠭᠥᠯᠢᠶᠡᠨ ᠠᠪᠬᠤ ᠭᠠᠵᠠᠷ ᠤᠨ ᠬᠤᠨᠤᠭ | ᠪᠠᠶᠢᠷᠢ ᠶᠢᠨ ᠬᠡᠯᠲᠡᠰ ᠤᠨ ᠳᠡᠳ᠋ ᠳᠠᠭᠠᠭᠠᠮᠠᠯ ︵ᠲᠡᠳ᠋ ᠭᠠᠵᠠᠷ ᠤᠨ ᠳᠡᠰ︶ ᠤᠨ ᠲᠤᠰᠢᠶᠠᠯ ᠢ ᠡᠬᠦᠷᠭᠡᠯᠡᠵᠦ | ᠦᠩᠭᠡᠷᠡᠪᠡ᠃ | ᠬᠤᠰᠢᠭᠤ ᠲᠠᠷᠤᠭ᠎ᠠ ᠳᠤ ᠬᠠᠪᠰᠤᠷᠤᠨ ᠴᠡᠭ ᠲᠤᠭᠳᠠᠭᠠᠵᠤ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠵᠤ᠂ | ᠲᠡᠳ᠋ ᠬᠤᠰᠢᠭᠤ ᠲᠠᠷᠤᠭ᠎ᠠ ᠮᠠ ᠷᠦᠢ ᠮᠠᠨ᠂ ᠯᠢ ᠵᠠᠨ ᠪᠤᠤ ᠶᠢᠨ ᠬᠤᠪᠢᠳᠠᠨ ᠬᠠᠮᠢᠶᠠᠷᠬᠤ ᠠᠵᠢᠯ ᠳᠤ ᠬᠠᠮᠵᠢᠯᠴᠠᠨ᠎ᠠ᠃ | |