ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ︵  43  ᠲᠣᠭᠠᠲᠤ︶
ᠨᠡᠶᠢᠲᠡᠯᠡᠭᠰᠡᠨ ᠴᠠᠭ᠄
2021/7/13
 ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠸᠢᠴᠠᠲ ᠲᠠᠪᠴᠠᠩ ᠤᠨ 7 ᠰᠠᠷ᠎ᠠ ᠶᠢᠨ 10 ᠤ ᠡᠳᠦᠷ ᠤᠨ ᠮᠡᠳᠡᠭᠡ ᠶᠢ ᠦᠨᠳᠦᠰᠦᠯᠡᠪᠡᠯ᠂  ᠬᠦᠬᠡᠬᠤᠳᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ   ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ  ᠨᠢᠬᠡᠨ ᠬᠤᠪᠢ  ᠪᠠᠴᠢᠮ ᠵᠠᠷᠯᠠᠯ ᠢ ᠲᠠᠷᠬᠠᠭᠠᠭᠰᠠᠨ ᠪᠠᠶᠢᠨ᠎ᠠ᠃ ᠲᠤᠬᠠᠶᠢᠯᠠᠪᠠᠯ᠂ 7 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠪᠤᠭᠤᠲᠤ ᠬᠤᠲᠠ  ᠶᠢᠨ ᠬᠥᠨᠳᠡᠯᠡᠨ ᠲᠣᠭᠤᠷᠢᠭ ᠲᠤ ᠳ᠋ᠠᠨᠮᠠᠷᠺ ᠠᠴᠠ ᠣᠷᠣᠭᠤᠯᠤᠭᠰᠠᠨ ᠬᠥᠯᠳᠡᠭᠡᠭᠰᠡᠨ ᠰᠠᠮ ᠬᠤᠷᠣᠬᠠᠶ ᠶᠢᠨ ᠳᠣᠲᠣᠷ᠎ᠠ  ᠠᠴᠠ 1 ᠬᠤᠪᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠨ    ᠢᠯᠡᠷᠡᠬᠦᠯᠪᠡ  ᠃ ᠬᠠᠮᠳᠤ  ᠤᠷᠤᠭᠤᠯᠤᠭᠰᠠᠨ ᠨᠢᠬᠡ ᠪᠦᠯᠦᠭ ᠬᠥᠯᠳᠡᠭᠡᠭᠰᠡᠨ ᠰᠠᠮ ᠬᠤᠷᠣᠬᠠᠶ ᠶᠢ 6 ᠰᠠᠷ᠎ᠠ ᠶᠢᠨ 28 ᠤ ᠡᠳᠦᠷ ᠬᠥᠬᠡᠬᠤᠲᠠ ᠳᠤ ᠪᠤᠷᠤᠯᠠᠭᠤᠯᠵᠠᠢ᠂ ᠡᠭᠦᠨ ᠳᠤ 15  ᠪᠤᠭᠤᠯᠳᠠ ᠶᠢ ᠬᠤᠲᠣᠩ ᠠᠷᠠᠳ  ᠤᠨ ᠲᠣᠭᠤᠷᠢᠭ ᠤᠨ ᠯᠣᠤ ᠠ ᠫᠦᠸᠧ ᠬᠤᠭᠤᠯᠠᠨ ᠲᠢᠩᠬᠢᠮ   ᠳᠤ ᠬᠦᠷᠭᠡᠭᠰᠡᠨ ᠪᠥᠭᠡᠳ 7 ᠰᠠᠷ᠎ᠠ ᠶᠢᠨ 8 ᠤ ᠡᠳᠦᠷ  ᠨᠢᠬᠡᠨᠳᠡ  ᠪᠤᠷᠤᠯᠠᠭᠤᠯᠵᠤ  ᠪᠠᠷᠠᠭᠰᠠᠨ ᠪᠠᠶᠢᠨ᠎ᠠ᠃  ᠡᠶᠢᠨ ᠬᠦ᠋  ᠂ 7 ᠰᠠᠷ᠎ᠠ ᠶᠢᠨ 1 ᠤ ᠡᠳᠦᠷ ᠠᠴᠠ  8  ᠤ ᠡᠳᠦᠷ ᠪᠣᠯᠲᠠᠯ᠎ᠠ ᠲᠤᠰ ᠬᠤᠭᠤᠯᠠᠨ ᠭᠡᠷ ᠲᠤ ᠬᠤᠭᠤᠯᠠ ᠪᠤᠳᠠᠭ᠎ᠠ ᠢᠳᠡᠭᠰᠡᠨ ᠬᠥᠮᠦᠰ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠬᠠᠯᠳᠠᠪᠤᠷᠢᠯᠠᠠᠬᠤ ᠲᠦᠭᠰᠢᠭᠦᠷᠢ  ᠶᠡᠭᠡ ᠪᠠᠶᠢᠭ᠎ᠠ ᠪᠤᠯᠬᠤᠷ 7  ᠰᠠᠷ᠎ᠠ ᠶᠢᠨ 1 ᠤ ᠡᠳᠦᠷ  ᠠᠴᠠ 8 ᠤ ᠡᠳᠦᠷ ᠤᠨ ᠬᠤᠭᠤᠷᠤᠨᠳᠤ  ᠲᠤᠰ ᠬᠤᠭᠤᠯᠠᠨ ᠭᠡᠷ ᠲᠤ ᠬᠤᠭᠤᠯᠠᠯᠠᠭᠰᠠᠨ ᠬᠦᠮᠦᠰ  ᠲᠠᠷᠤᠢ ᠲᠦᠷᠬᠡᠨ ᠬᠠᠷᠢᠶ᠎ᠠ ᠭᠠᠵᠠᠷ ᠤᠨ ᠢᠶᠠᠨ ᠡᠪᠡᠳᠴᠢᠨ  ᠬᠢᠵᠢᠭ ᠢ ᠰᠡᠷᠭᠡᠶᠢᠯᠡᠨ ᠡᠵᠡᠮᠳᠡᠬᠦ ᠲᠥᠪ ᠲᠠᠢ ᠤᠬᠠᠮᠰᠠᠷ ᠠᠴᠠ ᠪᠠᠨ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠥᠭᠡᠮ ᠬᠦᠴᠢᠯ ᠤᠨ  ᠪᠠᠶᠢᠴᠠᠭᠠᠯᠲᠠ ᠬᠢᠯᠬᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠣᠰᠣᠭᠠᠷ  ᠡᠵᠡᠮᠳᠡᠨ ᠬᠠᠮᠢᠶᠠᠷᠬᠤ ᠠᠷᠭ᠎ᠠ ᠠᠪᠴᠢᠯ ᠢ ᠭᠡᠷᠡᠭᠵᠢᠬᠦᠯᠬᠦ ᠭᠡᠷᠡᠭᠳᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃    ᠬᠢᠵᠢᠭ  ᠰᠡᠷᠭᠡᠶᠢᠯᠡᠯᠳᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠲᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄   ᠨᠢᠭᠡ᠂ ᠦᠷᠭᠡᠨ ᠤᠯᠠᠨ ᠰᠠᠭᠤᠭᠠᠯᠢ ᠠᠷᠠᠳ ᠠᠮᠠᠪᠴᠢ ᠵᠡᠬᠦᠬᠦ᠂  ᠭᠠᠷ ᠢᠶᠠᠨ ᠤᠬᠢᠶᠠᠬᠤ᠂ ᠰᠠᠯᠬᠢ ᠨᠡᠪᠳᠡᠷᠡᠬᠦᠯᠬᠦ ᠂ ᠨᠡᠶᠢᠳᠡ ᠶᠢᠨ ᠰᠠᠪᠬ᠎ᠠ ᠭᠡᠷᠡᠭᠯᠡᠬᠦ᠂  ︽ᠨᠢᠬᠡ ᠮᠧᠲᠷ ᠤᠨ ᠵᠠᠢ︾ ᠶᠢ ᠪᠠᠳᠤᠯᠠᠬᠤ᠂  ᠬᠠᠨᠢᠶᠠᠵᠤ ᠨᠠᠶᠢᠳᠠᠭᠠᠬᠤ  ᠳᠠᠭᠠᠨ ᠬᠢᠴᠢᠶᠡᠬᠦ ᠵᠡᠷᠭᠡ  ᠰᠢᠯᠢᠳᠡᠭ ᠰᠠᠶᠢᠨ ᠵᠠᠩ ᠲᠠᠳᠬᠠᠯ ᠪᠠ ᠡᠷᠡᠬᠦᠯ ᠡᠩᠬᠡ ᠠᠮᠢᠳᠤᠷᠠᠯ ᠤᠨ ᠬᠡᠯᠪᠡᠷᠢ ᠶᠢ ᠦᠷᠬᠦᠯᠵᠢᠯᠡᠨ ᠪᠠᠷᠢᠮᠳᠠᠯᠠᠬᠤ ᠶᠢᠨ ᠬᠠᠮᠳᠤ᠂  ᠢᠳᠡᠭᠡᠨ ᠤᠮᠳᠠᠭᠠᠨ ᠤ ᠠᠶᠤᠯᠭᠦᠢ ᠶᠢ ᠠᠩᠬᠠᠷᠴᠤ᠂  ᠲᠦᠭᠦᠬᠡᠢ ᠮᠠᠲ᠋ᠧᠷᠢᠶᠠᠯ ᠢ  ᠬᠢᠴᠢᠶᠡᠮᠵᠢᠳᠡᠢ  ᠰᠤᠩᠭᠤᠨ᠂    ᠪᠤᠯᠤᠭᠰᠠᠨ ᠲᠦᠬᠦᠭᠡᠢ ᠶᠢ ᠢᠯᠭᠠᠨ ᠰᠠᠯᠭᠠᠵᠤ  ᠂ ᠳᠠᠯᠠᠢ ᠶᠢᠨ ᠭᠠᠷᠤᠯᠲᠠ ᠶᠢ ᠭᠦᠢᠴᠡᠳ ᠰᠠᠶᠢᠨ ᠴᠢᠨᠠᠵᠤ  ᠪᠤᠯᠭᠤᠨ᠂ ᠲᠦᠭᠦᠬᠡᠢ ᠢᠳᠡᠭᠡᠨ ᠠᠴᠠ ᠵᠠᠶᠢᠯᠠᠰᠬᠢᠵᠦ᠂ ᠡᠪᠡᠳᠴᠢᠨ ᠬᠢᠵᠢᠭ ᠤᠨ ᠬᠠᠯᠳᠠᠪᠤᠷᠢᠯᠠᠬᠤ  ᠪᠤᠯᠤᠮᠵᠢ ᠶᠢ ᠪᠠᠭᠠᠰᠬᠠᠬᠤ ᠬᠡᠷᠡᠭᠲᠡᠢ᠃     ᠬᠤᠶᠠᠷ᠂ ᠠᠯᠢ ᠴᠢᠳᠠᠬᠤ ᠪᠠᠷ ᠵᠢᠩᠬᠢᠨᠢ  ᠲᠡᠯᠬᠡᠬᠦᠷ ᠬᠤᠳᠠᠯᠳᠤᠭ᠎ᠠ ᠠᠴᠠ ᠲᠦᠭᠦᠬᠡᠶ ᠰᠢᠨ᠎ᠡ ᠰᠣᠷᠭᠤᠭ ᠢᠳᠡᠭᠡᠨ  ᠢ ᠰᠣᠩᠭᠤᠨ  ᠠᠪᠤᠨ᠎ᠠ  ᠂  ᠬᠥᠯᠳᠡᠭᠡᠭᠰᠡᠨ ᠢᠳᠡᠭᠡᠨ᠂ ᠢᠯᠠᠩᠭᠤᠶ᠎ᠠ ᠭᠠᠳᠠᠭᠠᠳᠤ ᠠᠴᠠ ᠣᠷᠣᠭᠤᠯᠤᠭᠰᠠᠨ ᠬᠦᠯᠳᠡᠬᠦᠦ ᠢᠳᠡᠭᠡᠨ ᠢ ᠬᠤᠳᠠᠯᠳᠤᠨ ᠠᠪᠬᠤ ᠳᠠᠭᠠᠨ《  ᠢᠷᠡᠯᠲᠡ   ᠶᠢᠨ  ᠺᠣᠳ᠋ 》 ᠢ ᠰᠢᠷᠪᠢᠵᠦ  ᠂《 ᠭᠤᠷᠪᠠᠨ ᠦᠨᠡᠮᠯᠡᠯ 》 ᠤᠨ ᠮᠡᠳᠡᠭᠡ ᠵᠠᠩᠭᠢ ᠶᠢ  ᠯᠠᠪᠯᠠᠬᠤ ᠶᠢᠨ ᠬᠠᠮᠳᠤ᠂  ᠢᠳᠡᠭᠡᠨ ᠤ  ᠪᠤᠭᠤᠳᠠᠯ ᠪᠠᠭᠯᠠᠭ᠎ᠠ ᠳᠤ ᠭᠠᠷ  ᠬᠦᠷᠬᠦ   ᠶᠢ  ᠤᠨᠴᠠ ᠬᠢᠴᠢᠶᠡᠨ᠎ᠡ᠃  ᠬᠤᠳᠠᠯᠳᠤᠨ ᠠᠪᠤᠭᠰᠠᠨ ᠤ ᠳᠠᠷᠠᠭ᠎ᠠ  ᠭᠠᠳᠠᠷ ᠪᠣᠭᠤᠳᠠᠯ   ᠢ ᠲᠠᠷᠤᠶᠢᠬᠠᠨ ᠠᠷᠢᠭᠤᠳᠬᠠᠬᠤ  ᠪᠠᠷ ᠪᠠᠷᠠᠬᠤ ᠦᠬᠡᠢ  ᠬᠤᠶᠠᠷ ᠭᠠᠷ ᠢᠶᠠᠨ ᠤᠬᠢᠶᠠᠵᠤ  ᠠᠷᠢᠭᠤᠳᠬᠠᠨ᠎ᠠ  ᠃ ᠭᠠᠷ ᠢᠶᠠᠨ ᠤᠬᠢᠶᠠᠬᠤ ᠠᠴᠠ ᠡᠮᠦᠨ᠎ᠡ ᠠᠮᠠ ᠬᠠᠮᠠᠷ   ᠲᠠᠭᠠᠨ ᠭᠠᠷ ᠬᠦᠷᠬᠦ ᠶᠢ ᠡᠷᠡᠰ ᠴᠡᠭᠡᠷᠯᠡᠨ᠎ᠡ᠃      ᠭᠤᠷᠪᠠ᠂ ᠥᠷᠭᠡᠨ ᠣᠯᠠᠨ ᠰᠠᠭᠤᠭᠠᠯᠢ ᠠᠷᠠᠳ ᠰᠡᠷᠭᠡᠶᠢᠯᠡᠯᠳᠡ ᠶᠢ ᠴᠢᠩᠭ᠎ᠠ ᠪᠠᠷᠢᠮᠲᠠᠯᠠᠵᠤ᠂   ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠣᠶᠢᠯᠠᠭᠠᠭᠳᠠᠬᠤᠨ ᠢ ᠴᠢᠩᠭᠠᠳᠬᠠᠬᠤ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠳᠡ ᠶᠢᠨ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠰᠠᠭᠤᠭᠠᠯᠢ ᠠᠷᠠᠳ ᠨᠢᠭᠡᠪᠦᠷᠢ ᠴᠥᠮ  ᠲᠠᠷᠢᠯᠭ᠎ᠠ ᠶᠢ ᠢᠳᠡᠪᠬᠢᠲᠡᠶ ᠲᠠᠷᠢᠭᠤᠯᠤᠨ᠂  ᠪᠥᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ  ᠶᠢ ᠲᠦᠷᠭᠡᠬᠡᠨ  ᠪᠠᠶᠢᠭᠤᠯᠬᠤ ᠭᠡᠷᠡᠭᠳᠡᠢ᠃  ᠲᠠᠷᠢᠯᠭ᠎ᠠ ᠬᠢᠭᠰᠡᠨ ᠤ ᠲᠠᠷᠠᠭ᠎ᠠ ᠴᠤ ᠭᠡᠰᠡᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠭᠡᠷᠡᠭᠵᠢᠬᠦᠯᠬᠦ ᠬᠡᠷᠡᠭᠲᠡᠶ᠃       ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠲᠠᠰᠤ᠄ 0479-5230665       ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 13947999675       ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄  0479-5233919                               ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                 ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                  2021 ᠣᠨ ᠤ 7 ᠰᠠᠷ᠎ᠠ ᠶᠢᠨ 12 ᠤᠨ ᠡᠳᠦᠷ    
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号