ᠰᠡᠷᠭᠡᠶᠢᠯᠡᠯᠳᠡ ᠶᠢᠨ ᠲᠠᠷᠢᠯᠭ᠎ᠠ ᠶᠢᠨ ᠴᠡᠭᠡᠷ ᠲᠠᠢ ᠬᠥᠮᠦᠰ ᠲᠤ ᠠᠨᠠᠭᠠᠬᠤ ᠤᠬᠠᠭᠠᠨ ᠤ ᠬᠢᠨᠠᠨ ᠲᠣᠭᠲᠠᠭᠠᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/7/15
 ᠪᠦᠬᠦ ᠬᠤᠰᠢᠭᠤᠨ ᠤ ᠰᠠᠭᠤᠭᠠᠯᠢ ᠠᠷᠠᠳ ᠲᠤ᠄      ᠰᠡᠷᠭᠡᠶᠢᠯᠡᠯᠳᠡ ᠶᠢᠨ ᠲᠠᠷᠢᠯᠭ᠎ᠠ ᠶᠢ ᠴᠠᠭ ᠲᠤᠨᠢ ᠬᠢᠯᠬᠡᠵᠦ᠂ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ  ᠡᠮᠨᠡᠯᠬᠡ ᠶᠢᠨ ᠲᠤᠰᠬᠠᠶ ᠮᠡᠷᠭᠡᠵᠢᠯᠲᠡᠨ ᠢᠶᠠᠷ ᠪᠦᠷᠢᠯᠳᠦᠭᠰᠡᠨ ᠬᠢᠨᠠᠨ ᠲᠣᠭᠲᠠᠭᠠᠬᠤ ᠳᠤᠭᠤᠶᠢᠯᠠᠩ ᠢ ᠪᠠᠶᠢᠭᠤᠯᠵᠤ᠂ ᠣᠨᠴᠠᠭᠠᠶ ᠡᠪᠡᠳᠴᠢᠨ   ᠲᠠᠢ ᠪᠤᠶᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠳᠡ  ᠶᠢᠨ ᠲᠠᠷᠢᠯᠭ᠎ᠠ ᠶᠢᠨ ᠴᠡᠭᠡᠷ ᠲᠠᠢ ᠬᠥᠮᠦᠰ ᠲᠤ ᠲᠥᠪᠯᠡᠷᠡᠭᠦᠯᠦᠨ ᠬᠢᠨᠠᠨ ᠲᠣᠭᠲᠠᠭᠠᠯᠲᠠ ᠬᠢᠬᠦ ᠪᠠᠷ ᠪᠠᠶᠢᠨ᠎ᠠ᠂ ᠬᠢᠨᠠᠨ ᠲᠣᠭᠲᠠᠭᠠᠬᠤ ᠴᠢᠬᠤᠯᠠᠲᠠᠶ ᠬᠥᠮᠦᠰ ᠲᠤᠬᠠᠶ ᠶᠢᠨ ᠴᠠᠭ ᠲᠤ ᠲᠤᠭᠳᠠᠭᠰᠠᠨ ᠭᠠᠵᠠᠷ   ᠲᠤ  ᠬᠦᠷᠴᠦ ᠬᠢᠨᠠᠨ ᠲᠣᠭᠲᠠᠭᠠᠯᠲᠠ ᠬᠢᠯᠭᠡᠬᠦ ᠭᠡᠷᠡᠭᠳᠡᠢ᠃      ᠬᠢᠨᠠᠨ ᠲᠤᠭᠳᠠᠭᠠᠬᠤ ᠭᠠᠵᠠᠷ᠄ ᠬᠤᠰᠢᠭᠤ ᠡᠮᠨᠡᠯᠭᠡ ᠶᠢᠨ ᠬᠤᠷᠢᠶᠠᠨ ᠤ  ᠰᠡᠷᠭᠡᠶᠢᠯᠡᠯᠳᠡ ᠶᠢᠨ ᠲᠠᠷᠢᠯᠭ᠎ᠠ ᠶᠢᠨ ᠭᠠᠵᠠᠷ ( ᠡᠮᠨᠡᠯᠭᠡ ᠶᠢᠨ ᠬᠤᠷᠢᠶᠠᠨ ᠤ ᠵᠡᠭᠦᠨ ᠲᠠᠯ᠎ᠠ   ᠳᠤ  ᠪᠤᠢ)      ᠬᠢᠨᠠᠨ ᠲᠤᠭᠳᠠᠭᠠᠬᠤ  ᠴᠠᠭ᠄ 7 ᠰᠠᠷ᠎ᠠ ᠶᠢᠨ 16 ᠤ ᠡᠳᠦᠷ ᠤᠨ  ᠦᠳᠡ ᠶᠢᠨ ᠡᠮᠦᠨ᠎ᠡ 9᠄ 00 — 11᠄ 00᠂ ᠦᠳᠡ ᠶᠢᠨ ᠬᠤᠶᠢᠨ᠎ᠠ 14᠄ 30 —17᠄ 00                                   ᠲᠠᠶᠢᠹᠤᠰᠧ  ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                          2021 ᠣᠨ ᠤ 7 ᠰᠠᠷ᠎ᠠ ᠶᠢᠨ 15 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号