ᠲᠠᠷᠢᠵᠤ ᠮᠠᠯᠵᠢᠬᠤ ᠶᠢ ᠤᠶᠠᠯᠳᠤᠭᠤᠯᠤᠨ ᠴᠢᠨᠡᠭᠡᠯᠢᠭ ᠠᠮᠢᠳᠤᠷᠠᠯ ᠢᠶᠠᠨ ᠴᠤᠭᠴᠠᠯᠠᠨ᠎ᠠ
ᠨᠡᠶᠢᠲᠡᠯᠡᠭᠰᠡᠨ ᠴᠠᠭ᠄
2021/7/16
   2021 ᠣᠨ ᠤ 7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠰᠢ ᠶᠢᠨ ᠫᠢᠩ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠢ ᠨᠠᠮ ᠪᠠ ᠠᠷᠠᠳ ᠲᠦᠮᠡᠨ ᠤ ᠡᠮᠦᠨ᠎ᠡ ᠠᠴᠠ ᠲᠥᠪ ᠴᠢᠩᠭ᠎ᠠ ᠪᠠᠷ ᠲᠤᠩᠬᠠᠭᠯᠠᠪᠠ᠃   ᠪᠣᠤᠴᠠᠩ ᠪᠠᠯᠭᠠᠰᠤᠨ ᠤ ᠳ᠋ᠠ ᠱᠠᠨ ᠭᠧᠤ ᠲᠣᠰᠬᠤᠨ ᠤ ᠯᠢ ᠶᠢᠨ ᠴᠢᠶᠠᠩ ᠪᠣᠯ ᠲᠣᠰᠬᠤᠨ ᠤ ᠪᠠᠶᠠᠵᠢᠯ ᠤᠨ ᠴᠢᠳᠠᠪᠤᠷᠢᠲᠠᠨ᠂ ᠨᠢᠳᠤᠨᠤᠨ ᠲᠡᠳᠡᠨ ᠤ ᠣᠷᠣᠯᠭ᠎ᠠ 20 ᠲᠦᠮᠡᠨ ᠲᠥᠭᠦᠷᠢᠭ ᠲᠤ ᠬᠦᠷᠴᠡᠶ᠃ ᠭᠡᠲᠡᠯ᠎ᠡ ᠳᠣᠯᠣᠭᠠᠨ ᠵᠢᠯ ᠤᠨ ᠡᠮᠦᠨ᠎ᠡ᠂  ᠲᠡᠳᠡᠨ ᠤ ᠭᠡᠷ ᠨᠢ ᠲᠣᠰᠬᠤᠨ ᠤ ᠳᠣᠤᠷ᠎ᠠ ᠣᠷᠣᠯᠭ᠎ᠠ ᠲᠠᠢ ᠭᠡᠷ ᠪᠦᠯᠢ ᠪᠠᠶᠢᠭᠰᠠᠨ ᠶᠤᠮ᠃  ᠡᠬᠡᠨᠡᠷ   ᠨᠢ ᠬᠦᠨᠳᠦ   ᠡᠪᠡᠳᠴᠢᠯᠡᠵᠦ  ᠭᠤᠷᠪᠠ ᠳᠥᠷᠪᠡᠨ ᠵᠢᠯ ᠡᠮᠨᠡᠬᠦᠯᠦᠬᠡᠳ᠂ ᠶᠠᠭᠤ ᠴᠤ ᠬᠢᠭᠰᠡᠨ ᠦᠭᠡᠶ᠂ ᠠᠵᠤ ᠠᠬᠤᠶ ᠶᠢᠨ ᠢᠷᠡᠯᠲᠡ ᠦᠭᠡᠶ᠂ ᠠᠮᠢᠳᠤᠷᠠᠯ ᠬᠦᠴᠢᠷᠲᠡᠶ᠂ ᠬᠡᠦᠬᠡᠳ ᠪᠠᠰᠠ ᠪᠢᠴᠢᠭ ᠦᠵᠡᠵᠦ ᠪᠠᠶᠢᠭᠰᠠᠨ ᠪᠣᠯᠬᠤᠷ᠂ ᠳᠠᠷᠤᠭᠠᠰᠤ ᠲᠤᠶᠢᠯ ᠤᠨ ᠶᠡᠭᠡ ᠪᠠᠶᠢᠪᠠ᠃  2014 ᠣᠨ ᠳᠤ᠂ ᠯᠢ ᠶᠢᠨ ᠴᠢᠶᠠᠩ ᠤᠨ ᠬᠡᠷ  ᠨᠢ  ᠶᠠᠳᠠᠭᠤ ᠬᠦᠴᠢᠷᠳᠡᠯᠲᠡᠶ ᠡᠷᠦᠬᠡ ᠪᠠᠷ ᠲᠠᠩᠰᠠᠯᠠᠭᠳᠠᠵᠠᠢ᠃  ᠤᠯᠤᠰ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠳᠣᠣᠷ᠎ᠠ᠂  ᠯᠢ ᠶᠢᠨ ᠴᠢᠶᠠᠩ  ᠮᠢᠬᠠᠨ ᠤ ᠦᠬᠡᠷ ᠲᠡᠵᠢᠭᠡᠬᠦ ᠪᠠ ᠢᠳᠡᠰᠢᠨ ᠨᠣᠭᠤᠭ᠎ᠠ  ᠲᠠᠷᠢᠵᠤ ᠶᠠᠳᠠᠭᠤ ᠠᠴᠠ ᠠᠩᠭᠢᠵᠢᠷᠠᠵᠤ ᠴᠢᠨᠡᠭᠡᠯᠢᠭᠵᠢᠬᠦ ᠪᠠᠷ ᠵᠣᠷᠢᠭ ᠰᠢᠭᠤᠳᠴᠠᠢ᠃ ᠬᠡᠳᠦᠨ ᠵᠢᠯ ᠥᠩᠭᠡᠷᠡᠯ᠎ᠡ᠂ ᠯᠢ  ᠶᠢᠨ ᠴᠢᠶᠠᠩ ᠥᠪᠡᠷ ᠤᠨ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠲᠠᠢ ᠪᠣᠯᠤᠭᠰᠠᠨ ᠢᠶᠠᠷ ᠪᠠᠷᠠᠬᠤ ᠥᠬᠡᠶ᠂ ᠦᠬᠡᠷ ᠬᠤᠨᠢ ᠨᠢ ᠴᠤ ᠠᠭᠠᠵᠢᠮ ᠢᠶᠠᠷ ᠨᠡᠮᠡᠭᠳᠡᠵᠦ᠂ 《ᠳᠠᠷᠢᠵᠤ ᠲᠡᠵᠢᠭᠡᠬᠦ ᠶᠢ  ᠤᠶᠠᠯᠳᠤᠭᠤᠯᠤᠭᠰᠠᠨ 》 ᠪᠠᠶᠠᠵᠢᠯ  ᠤᠨ ᠵᠠᠮ ᠢᠶᠠᠷ ᠵᠠᠮᠨᠠᠪᠠ᠃ 2019 ᠣᠨ ᠳᠤ  ᠯᠢ ᠶᠢᠨ ᠴᠢᠶᠠᠩ 5 ᠲᠦᠮᠡᠨ ᠲᠦᠬᠦᠷᠢᠭ ᠤᠨ ᠶᠠᠳᠠᠭᠤ ᠶᠢ ᠳᠡᠳᠬᠦᠬᠦ ᠵᠢᠬᠡᠯᠡᠯᠬᠡ  ᠡᠷᠡᠮᠡᠯᠵᠡᠯᠡᠨ ᠤᠯᠵᠤ᠂ ᠨᠤᠭᠤᠭ᠎ᠠ ᠲᠠᠷᠢᠬᠤ ᠭᠡᠪᠴᠢᠶᠡᠵᠢᠯ ᠢᠶᠠᠨ ᠶᠡᠬᠡᠰᠬᠡᠬᠡᠳ᠂  ᠤᠷᠤᠯᠭ᠎ᠠ  ᠪᠠᠨ ᠨᠡᠮᠡᠭᠳᠡᠬᠦᠯᠬᠦ ︽ᠲᠦᠷᠭᠡᠨ ᠵᠠᠮ︾   ᠳᠤ ᠤᠷᠤᠭᠰᠠᠨ ᠪᠠᠶᠢᠨ᠎ᠠ᠃  ᠲᠡᠳᠡᠨ ᠤ ᠳᠠᠷᠢᠭᠰᠠᠨ ᠢᠳᠡᠰᠢᠨ  ᠨᠤᠭᠤᠭᠠᠨ ᠤ ᠲᠥᠷᠥᠯ   ᠨᠢ ᠤᠯᠠᠨ᠂ ᠴᠢᠨᠠᠷ   ᠨᠢ ᠰᠠᠶᠢᠨ ᠪᠤᠯᠬᠤᠷ  ᠭᠠᠳᠠᠨ᠎ᠠ ᠣᠷᠣᠨ ᠤ ᠬᠤᠳᠠᠯᠳᠤᠭᠠᠴᠢᠳ ᠤᠨ ᠲᠠᠭᠠᠰᠢᠶᠠᠯ ᠢ ᠶᠡᠬᠡᠳᠡ ᠣᠯᠵᠤ᠂ ᠢᠳᠡᠰᠢᠨ ᠨᠣᠭᠤᠭ᠎ᠠ ᠪᠣᠯᠪᠠᠰᠤᠷᠠᠬᠤ ᠤᠯᠠᠷᠢᠯ ᠳᠤ ᠬᠡᠷ ᠲᠤᠨᠢ ᠬᠦᠷᠴᠦ  ᠵᠠᠬᠢᠶᠠᠯᠠᠭ᠎ᠠ ᠲᠤᠭᠳᠠᠭᠴᠢᠳ ᠡᠳᠦᠷ ᠢᠷᠡᠬᠦᠶ᠎ᠡ ᠤᠯᠠᠰᠢᠷᠠᠵᠠᠢ᠃   ᠤᠳᠤ ᠮᠠᠯ ᠠᠵᠤ ᠠᠬᠤᠢ ᠶᠢᠨ ᠣᠷᠣᠯᠭ᠎ᠠ ᠲᠠᠢ  ᠪᠠᠨ ᠨᠡᠶᠢᠯᠡᠭᠡᠳ ᠵᠢᠯ ᠤᠨ ᠣᠷᠣᠯᠭ᠎ᠠ ᠨᠢ 20 ᠭᠠᠷᠤᠢ ᠲᠦᠮᠡᠨ ᠲᠥᠭᠦᠷᠢᠭ ᠲᠤ ᠬᠦᠷᠴᠦ᠂ ᠠᠮᠢᠳᠤᠷᠠᠯ ᠨᠢ ᠶᠠᠪᠤᠬᠤ ᠲᠤᠳᠤᠮ ᠰᠠᠶᠢᠵᠢᠷᠠᠵᠤ ᠪᠠᠶᠢᠨ᠎ᠠ᠃ ︽ᠲᠥᠷᠥ ᠶᠢᠨ ᠪᠣᠳᠣᠯᠭ᠎ᠠ ᠨᠠᠳᠠ ᠳᠤ ᠢᠲᠡᠭᠡᠯ  ᠤᠯᠭᠤᠭᠰᠠᠨ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠵᠠᠭᠪᠤᠷ ᠨᠢ ᠨᠡᠩ ᠴᠤ ᠨᠠᠮᠠᠢᠢ ᠪᠠᠶᠠᠵᠢᠯ ᠤᠨ ᠵᠠᠮ ᠢᠶᠠᠷ ᠵᠠᠮᠨᠠᠭᠤᠯᠤᠭᠰᠠᠨ ᠶᠤᠮ᠃ ᠤᠳᠤ ᠮᠠᠨ ᠤ  ᠤᠷᠤᠨ ᠰᠠᠭᠤᠴᠠ ᠴᠡᠪᠡᠷ ᠲᠤᠬᠢᠯᠢᠭ  ᠂ ᠬᠡᠦᠬᠡᠳ ᠤᠳ ᠰᠤᠷᠭᠠᠭᠤᠯᠢ ᠳᠤ ᠰᠠᠭᠤᠬᠤ ᠳᠤ ᠪᠠᠲᠤᠯᠠᠭ᠎ᠠ  ᠲᠠᠢ᠂  ᠠᠰᠢᠭ ᠣᠷᠣᠯᠭ᠎ᠠ ᠤᠯᠠᠮ ᠠᠴᠠ ᠤᠯᠠᠮ ᠨᠡᠮᠡᠭᠳᠡᠵᠦ᠂ ᠠᠮᠢᠳᠤᠷᠠᠯ  ᠡᠳᠦᠷ ᠢᠷᠡᠬᠦᠶ᠎ᠡ ᠰᠠᠶᠢᠵᠢᠷᠠᠵᠤ ᠪᠠᠶᠢᠨ᠎ᠠ᠂ ᠬᠤᠶᠢᠰᠢᠳᠠ ᠴᠤ ᠭᠡᠰᠡᠨ ᠨᠠᠮ ᠵᠠᠰᠠᠭ ᠤᠨ ᠢᠶᠠᠨ ᠠᠴᠢ ᠲᠤᠰᠠ ᠶᠢ ᠮᠠᠷᠳᠠᠯ ᠦᠬᠡᠢ ᠤᠯᠠᠮ ᠢᠯᠡᠬᠦᠦ ᠡᠷᠡᠮᠡᠬᠡᠶᠢᠯᠡᠨ ᠤᠷᠤᠭᠰᠢᠯᠠᠵᠤ᠂  ᠲᠠᠷᠢᠵᠤ  ᠮᠠᠯᠵᠢᠬᠤ ᠬᠡᠪᠴᠢᠶ᠎ᠡ ᠪᠠᠨ ᠲᠠᠰᠤᠷᠠᠯᠲᠠ ᠤᠢᠭᠡᠢ ᠦᠷᠭᠡᠳᠬᠡᠨ᠂  ᠦᠪᠡᠷ ᠤᠨ ᠠᠮᠢᠳᠤᠷᠠᠯ ᠢᠶᠠᠨ  ᠤᠯᠠᠮ ᠴᠢᠨᠡᠭᠡᠯᠢᠭᠵᠢᠬᠦᠯᠬᠦ  ᠭᠠᠷᠭᠠᠬᠤ ᠪᠠᠷ ᠪᠠᠷᠠᠬᠤ ᠦᠬᠡᠢ ᠨᠡᠩ ᠣᠯᠠᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠴᠢᠷᠮᠠᠶᠢᠨ᠎ᠠ  ︾  ᠬᠡᠵᠦ  ᠯᠢ ᠶᠢᠨ ᠴᠢᠶᠠᠩ ᠶᠠᠷᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号