ᠲᠠᠶᠢᠹᠤᠰᠧ ᠬᠤᠰᠢᠭᠤᠨ ᠤ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠴᠤᠭᠯᠠᠭᠤᠯᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/7/20
 ᠲᠠᠶᠢᠹᠤᠰᠧ ᠬᠤᠰᠢᠭᠤᠨ ᠤ ᠮᠦᠽᠧᠢ ᠪᠣᠯ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠢᠶᠠᠳᠠᠢ  ᠴᠤᠭᠯᠠᠭᠤᠯᠭ᠎ᠠ᠂  ᠰᠤᠳᠤᠯᠭ᠎ᠠ᠂  ᠦᠵᠡᠬᠦᠯᠦᠯᠬᠡ᠂  ᠬᠦᠮᠦᠵᠢᠯ᠂  ᠦᠢᠯᠡᠴᠢᠯᠡᠭᠡ ᠶᠢ ᠨᠢᠬᠡᠳᠭᠡᠭᠰᠡᠨ ᠶᠡᠷᠦᠩᠬᠡᠶᠢᠯᠡᠭᠰᠡᠨ ᠴᠢᠨᠠᠷᠲᠠᠢ ᠮᠦᠽᠧᠢ᠂ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃  ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠲᠤᠬᠢᠶᠠᠯᠳᠤᠭᠤᠯᠤᠨ᠂ ᠲᠠᠶᠢᠹᠤᠰᠧ ᠬᠤᠰᠢᠭᠤᠨ ᠤ ᠮᠦᠽᠧᠢ  ᠪᠠᠨ ᠲᠡᠰ ᠳᠡᠪᠰᠢᠭᠦᠯᠵᠦ  ᠂  ᠲᠡᠦᠬᠡ ᠶᠢᠨ ᠳᠤᠷᠠᠰᠬᠠᠯᠲᠤ ᠵᠦᠢᠯᠡᠰ ᠤᠨ  ᠬᠠᠳᠠᠭᠠᠯᠠᠴᠠ ᠶᠢ ᠨᠡᠮᠡᠭᠳᠡᠬᠦᠯᠦᠨ᠂  ᠬᠤᠰᠢᠭᠤ ᠨᠤᠳᠤᠭ ᠤᠨ ᠢᠶᠠᠨ ᠲᠡᠦᠬᠡ ᠰᠣᠶᠣᠯ ᠤᠨ ᠠᠭᠤᠯᠬᠤᠨ ᠢ ᠳᠡᠯᠭᠡᠨ ᠦᠵᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢᠨ ᠲᠥᠯᠥᠭᠡ᠂  ᠡᠳᠦᠬᠡ ᠲᠠᠶᠢᠹᠤᠰᠧ ᠬᠤᠰᠢᠭᠤ ᠬᠢᠭᠡᠳ ᠡᠷᠭᠢᠨ ᠲᠣᠭᠤᠷᠢᠨ ᠳᠠᠬᠢ ᠭᠠᠵᠠᠷ ᠣᠷᠣᠨ ᠤ ᠲᠡᠦᠬᠡ ᠰᠤᠶᠤᠯ᠂ ᠵᠠᠩ ᠦᠢᠯᠡ᠂ ᠬᠤᠪᠢᠰᠬᠠᠯ ᠤᠨ ᠳᠤᠷᠠᠰᠬᠠᠯᠲᠤ ᠵᠦᠢᠯᠡᠰ ᠪᠣᠯᠤᠨ ᠬᠠᠮᠢᠶ᠎ᠠ ᠪᠦᠬᠦᠢ ᠲᠡᠦᠬᠡᠨ ᠮᠠᠲ᠋ᠧᠷᠢᠶᠠᠯ ᠢ ᠴᠤᠭᠯᠠᠭᠤᠯᠬᠤ  ᠪᠠᠷ  ᠲᠤᠭᠳᠠᠯ᠎ᠠ᠄      ᠨᠢᠭᠡ᠂  ᠴᠤᠭᠯᠠᠭᠤᠯᠬᠤ  ᠵᠦᠢᠯ      1 . ᠲᠠᠶᠢᠹᠤᠰᠧ ᠬᠤᠰᠢᠭᠤᠨ ᠤ ᠡᠯ᠎ᠡ ᠲᠡᠦᠬᠡᠨ ᠴᠠᠭ ᠦᠶ᠎ᠡ ᠶᠢᠨ ᠰᠣᠶᠣᠯ᠂ ᠡᠯ᠎ᠡ ᠦᠨᠳᠦᠰᠦᠲᠡᠨ ᠤ ᠰᠣᠶᠣᠯ᠂   ᠠᠵᠤ ᠠᠬᠤᠢ ᠨᠡᠶᠢᠭᠡᠮ ᠦᠢᠯᠡᠳᠪᠦᠷᠢᠯᠡᠯ ᠠᠮᠢᠳᠤᠷᠠᠯ ᠢ ᠲᠤᠰᠬᠠᠭᠰᠠᠨ ᠲᠥᠯᠥᠭᠡᠯᠡᠬᠦ ᠴᠢᠨᠠᠷᠲᠠᠢ ᠵᠦᠢᠯ᠃      2 . ᠲᠠᠶᠢᠹᠤᠰᠧ ᠬᠤᠰᠢᠭᠤᠨ ᠤ ᠲᠡᠦᠬᠡᠨ ᠳᠡᠭᠡᠷᠡᠬᠢ ᠡᠯ᠎ᠡ ᠴᠠᠭ ᠦᠶ᠎ᠡ ᠶᠢᠨ ᠴᠢᠬᠤᠯᠠ ᠰᠤᠷᠪᠤᠯᠵᠢ ᠪᠢᠴᠢᠭ ᠮᠠᠲ᠋ᠧᠷᠢᠶᠠᠯ ᠵᠢᠴᠢ ᠲᠡᠦᠬᠡ᠂ ᠤᠷᠠᠯᠢᠭ᠂ ᠰᠢᠨᠵᠢᠯᠡᠬᠦ ᠤᠬᠠᠭᠠᠨ ᠤ ᠦᠨ᠎ᠡ ᠥᠷᠲᠡᠭ ᠲᠠᠢ ᠪᠢᠴᠢᠮᠡᠯ ᠡᠬᠡ ᠪᠠ ᠨᠣᠮ ᠪᠢᠴᠢᠭ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ᠃     3. ᠣᠷᠴᠢᠨ ᠣᠳᠣ ᠦᠶ᠎ᠡ ᠶᠢᠨ ᠬᠤᠪᠢᠰᠬᠠᠯ ᠤᠨ ᠲᠡᠦᠬᠡ ᠶᠢ ᠲᠤᠰᠬᠠᠭᠰᠠᠨ ᠪᠤᠳᠠᠰ ᠪᠠ ᠮᠠᠲ᠋ᠧᠷᠢᠶᠠᠯ᠃ ᠡᠭᠦᠨ ᠳᠤ ᠭᠤᠣᠯᠳᠠᠭᠤ ᠲᠤᠬ ᠳᠠᠯᠪᠠᠭ᠎ᠠ᠂ ᠭᠠᠵᠠᠷ ᠤᠨ ᠵᠢᠷᠤᠭ᠂ ᠰᠦᠯᠳᠡ ᠲᠡᠮᠳᠡᠭ᠂ ᠦᠨᠡᠮᠯᠡᠯ ᠲᠠᠮᠠᠭ᠎ᠠ᠂ ᠮᠠᠲ᠋ᠧᠷᠢᠶᠠᠯ᠂  ᠤᠬᠠᠭᠤᠯᠭ᠎ᠠ ᠶᠢᠨ ᠪᠤᠳᠠᠰ᠂ ᠭᠡᠷᠡᠯ ᠵᠢᠷᠤᠭ᠂ ᠤᠳᠤᠷᠢᠳᠬᠤ ᠭᠡᠰᠢᠬᠦᠳ ᠤᠨ ᠨᠡᠷᠡᠰ᠂ ᠬᠤᠷᠠᠯ ᠤᠨ ᠲᠡᠮᠳᠡᠭᠯᠡᠯ᠂   ᠵᠠᠷᠯᠠᠯ ᠨᠡᠶᠢᠳᠡᠯᠡᠯ᠂   ᠪᠠᠭᠠᠲᠤᠷᠴᠤᠳ ᠵᠢᠱᠢᠶᠡᠴᠢᠳ ᠤᠨ ᠬᠦᠷᠦᠭ ᠱᠤᠭᠤᠮᠠᠯ ᠪᠤᠶᠤ ᠦᠯᠡᠳᠡᠭᠡᠭᠰᠡᠨ ᠶᠠᠭᠤᠮ᠎ᠠ ᠵᠡᠷᠭᠡ ᠪᠠᠭᠲᠠᠨ᠎ᠠ᠃      ᠬᠤᠶᠠᠷ᠂  ᠴᠤᠭᠯᠠᠭᠤᠯᠬᠤ ᠬᠡᠯᠪᠡᠷᠢ    1 . ᠲᠥᠯᠥᠪᠦᠷᠢ ᠦᠭᠡᠢ ᠬᠠᠨᠳᠢᠪᠯᠠᠬᠤ᠄  ᠲᠡᠦᠬᠡ ᠶᠢᠨ ᠳᠤᠷᠠᠰᠬᠠᠯᠲᠤ ᠵᠦᠢᠯ ᠪᠤᠶᠤ ᠮᠠᠲ᠋ᠧᠷᠢᠶᠠᠯ ᠢᠶᠠᠨ ᠮᠦᠽᠧᠢ ᠳᠤ ᠦᠨ᠎ᠡ ᠲᠦᠯᠦᠪᠦᠷᠢ ᠦᠬᠡᠢ ᠬᠠᠨᠳᠢᠪᠯᠠᠨ ᠬᠦᠷᠭᠡᠨ᠎ᠡ᠃ ᠲᠤᠰᠬᠠᠢ ᠮᠡᠷᠭᠡᠵᠢᠯᠲᠡᠨ ᠠᠴᠠ ᠬᠢᠨᠠᠨ ᠬᠠᠷᠭᠤᠭᠤᠯᠵᠤ ᠦᠨᠡᠯᠡᠨ ᠵᠢᠱᠢᠭᠰᠡᠨ ᠤ ᠲᠠᠷᠠᠭ᠎ᠠ ᠬᠤᠷᠢᠶᠠᠨ ᠬᠠᠳᠠᠭᠠᠯᠠᠬᠤ ᠪᠠᠷ ᠲᠣᠭᠲᠠᠭᠠᠪᠠᠯ᠂ ᠮᠦᠽᠸᠢ   ᠠᠴᠠ ᠬᠠᠨᠳᠢᠪᠯᠠᠨ ᠬᠦᠷᠭᠡᠭᠴᠢ ᠳᠤ ᠬᠠᠮᠢᠶ᠎ᠠ ᠪᠦᠬᠦᠢ ᠦᠨᠡᠮᠯᠡᠯ ᠣᠯᠭᠤᠨ᠎ᠠ᠃    2 . ᠲᠥᠯᠥᠪᠦᠷᠢ ᠲᠠᠢ ᠴᠤᠭᠯᠠᠭᠤᠯᠬᠤ᠄ ᠪᠦᠷᠢᠨ ᠪᠦᠲᠦᠨ ᠬᠠᠳᠠᠭᠠᠯᠠᠭᠳᠠᠭᠰᠠᠨ᠂ ᠰᠤᠳᠤᠯᠤᠯ ᠤᠨ ᠦᠨ᠎ᠡ ᠥᠷᠲᠡᠭ ᠲᠠᠢ ᠬᠠᠮᠢᠶ᠎ᠠ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠪᠠ ᠮᠠᠲ᠋ᠧᠷᠢᠶᠠᠯ ᠢ ᠮᠦᠽᠸᠢ ᠶᠢᠨ ᠠᠩᠬᠠᠨ ᠤ ᠬᠢᠨᠠᠯᠳᠠ ᠪᠠ ᠲᠤᠰᠬᠠᠶ ᠮᠡᠷᠭᠡᠵᠢᠯᠲᠡᠳ   ᠤᠨ  ᠬᠢᠨᠠᠨ ᠲᠤᠭᠳᠠᠭᠠᠯᠳᠠ ᠪᠠᠷ ᠨᠤᠳ᠋ᠯᠠᠭᠰᠠᠨ ᠤ ᠲᠠᠷᠠᠭ᠎ᠠ ᠲᠥᠯᠥᠪᠦᠷᠢ ᠲᠠᠢ ᠡᠯᠰᠡᠨ ᠴᠤᠭᠯᠠᠭᠤᠯᠤᠨ᠎ᠠ᠃     ᠭᠤᠷᠪᠠ᠂  ᠴᠤᠭᠯᠠᠭᠤᠯᠬᠤ  ᠱᠠᠭᠠᠷᠳᠠᠯᠭ᠎ᠠ     1 . 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ 》 《 ᠮᠦᠽᠧᠶ ᠶᠢᠨ ᠳᠦᠷᠢᠮ 》 《 ᠮᠦᠽᠧᠶ ᠳᠤ ᠬᠠᠳᠠᠭᠠᠯᠠᠵᠤ ᠪᠠᠶᠢᠭ᠎ᠠ  ᠪᠤᠳᠠᠰ ᠤᠨ ᠬᠠᠮᠢᠶᠠᠷᠤᠯᠲᠠ ᠶᠢᠨ ᠠᠷᠭ᠎ᠠ 》 《 ᠤᠯᠤᠰ ᠤᠨ ᠥᠮᠴᠢᠯᠡᠯᠲᠦ ᠮᠦᠽᠧᠶ ᠳᠤ ᠬᠠᠳᠠᠭᠠᠯᠠᠬᠤ ᠪᠤᠳᠠᠰ ᠢ ᠡᠯᠰᠡᠨ ᠴᠤᠭᠯᠠᠭᠤᠯᠬᠤ ᠳᠦᠷᠢᠮ 》 《 ᠬᠤᠪᠢᠰᠬᠠᠯ ᠤᠨ ᠰᠤᠶᠤᠯ ᠤᠨ ᠦᠪ ᠤᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ 》 ᠵᠡᠷᠭᠡ ᠬᠠᠤᠯᠢ ᠲᠦᠷᠢᠮ ᠢ ᠴᠢᠩᠭ᠎ᠠ ᠵᠢᠷᠤᠮᠯᠠᠨ  ᠭᠡᠷᠡᠭᠵᠢᠬᠦᠯᠦᠨ᠎ᠡ᠃     2 .  ᠮᠦᠽᠸᠢ ᠳᠤ ᠬᠠᠳᠠᠭᠠᠯᠠᠬᠤ ᠪᠣᠳᠠᠰ ᠨᠢ ᠨᠡᠯᠢᠶᠡᠳ ᠪᠦᠷᠢᠨ ᠪᠦᠳᠦᠨ ᠪᠥᠭᠡᠳ ᠦᠮᠴᠢᠯᠡᠯ ᠤᠨ ᠡᠷᠬᠡ  ᠶᠢᠨ ᠲᠤᠬᠠᠶ ᠶᠠᠮᠠᠷ ᠴᠤ ᠵᠢᠭᠤᠷᠠᠭᠠᠨ ᠥᠬᠡᠶ᠂ ᠬᠠᠤᠯᠢ   ᠳᠤ ᠨᠡᠶᠢᠴᠡᠭᠰᠡᠨ ᠪᠠᠶᠢᠬᠤ ᠬᠡᠷᠡᠭᠲᠡᠶ᠃ ᠢᠷᠡᠯᠲᠡ ᠨᠢ ᠬᠠᠤᠯᠢ  ᠳᠤ ᠥᠯᠥ ᠨᠡᠶᠢᠴᠡᠬᠦ ᠪᠤᠳᠠᠰ ᠢ ᠬᠦᠯᠶᠡᠨ ᠠᠪᠬᠤ ᠦᠭᠡᠶ᠃     3 .  ᠮᠦᠽᠸᠢ ᠳᠤ ᠡᠳ᠋ ᠪᠤᠳᠠᠰ ᠬᠠᠩᠭᠠᠬᠤ ᠰᠠᠨᠠᠭ᠎ᠠ ᠲᠠᠢ ᠨᠢᠬᠡᠴᠡ ᠬᠠᠮᠳᠤ ᠪᠤᠶᠤ ᠬᠤᠪᠢ ᠬᠥᠮᠦᠨ ᠤᠷᠢᠳᠠᠪᠠᠷ ᠰᠢᠦᠳᠠᠨ᠂  ᠢᠮᠧᠯ ᠪᠤᠶᠤ ᠬᠦᠷᠭᠡᠵᠦ ᠢᠷᠡᠬᠦ ᠠᠷᠭ᠎ᠠ ᠪᠠᠷ ᠪᠢᠴᠢᠭ ᠵᠢᠷᠤᠭ ᠤᠨ ᠮᠠᠲ᠋ᠧᠷᠢᠶᠠᠯ ᠲᠤᠰᠢᠶᠠᠵᠤ ᠪᠣᠯᠤᠨ᠎ᠠ᠂ ᠲᠡᠭᠡᠬᠦ ᠳᠡᠭᠡᠨ ᠬᠠᠩᠭᠠᠬᠤ ᠵᠦᠢᠯ ᠤᠨ ᠢᠶᠠᠨ ᠨᠡᠷᠡᠶᠢᠳᠦᠯ᠂ ᠬᠡᠮ ᠬᠡᠮᠵᠢᠶ᠎ᠡ᠂ ᠲᠥᠷᠥᠯ ᠢᠯᠭᠠᠯ᠂ ᠣᠨ ᠵᠢᠯ ᠵᠡᠷᠭᠡ  ᠦᠨᠳᠦᠰᠦᠨ ᠮᠡᠳᠡᠭᠡ ᠵᠠᠩᠭᠢ ᠪᠤᠯᠤ ᠬᠠᠤᠯᠢ ᠳᠤ ᠨᠡᠶᠢᠴᠡᠭᠰᠡᠨ ᠢᠷᠡᠯᠲᠡ᠂ ᠬᠠᠷᠢᠯᠴᠠᠬᠤ ᠬᠥᠮᠦᠨ᠂ ᠬᠠᠷᠢᠯᠴᠠᠬᠤ ᠠᠷᠭ᠎ᠠ ᠮᠠᠶ᠋ᠢᠭ ᠵᠡᠷᠭᠡ (  ᠲᠥᠯᠥᠪᠦᠷᠢ ᠲᠠᠢ ᠬᠠᠩᠭᠠᠬᠤ ᠵᠦᠢᠯ ᠤᠨ ᠢᠶᠠᠨ ᠦᠨ᠎ᠡ ᠬᠠᠩᠰᠢ   ᠶᠢ ᠮᠡᠳᠡᠭᠳᠡᠵᠦ᠂  ᠴᠢᠨᠠᠷ ᠰᠠᠶᠢᠳᠠᠢ ᠵᠢᠷᠤᠭ ᠲᠦᠷᠰᠦ ᠬᠠᠩᠭᠠᠨ᠎ᠠ ) ᠶᠢ ᠲᠣᠳᠣᠷᠬᠠᠶᠢᠯᠠᠬᠤ ᠬᠡᠷᠡᠭᠲᠡᠶ᠃     ᠳᠥᠷᠪᠡ᠂  ᠴᠤᠭᠯᠠᠭᠤᠯᠬᠤ ᠴᠠᠭ     ᠵᠠᠷ ᠨᠡᠶᠢᠲᠡᠯᠡᠭᠰᠡᠨ ᠡᠳᠦᠷ ᠠᠴᠠ ᠡᠬᠢᠯᠡᠬᠡᠳ ᠤᠷᠲᠤ ᠬᠤᠭᠤᠴᠠᠭ᠎ᠠ ᠪᠠᠷ ᠬᠦᠴᠦᠨ ᠲᠠᠢ᠃     ᠲᠠᠪᠤ᠂ ᠬᠠᠷᠢᠯᠴᠠᠬᠤ ᠠᠷᠭ᠎ᠠ     ᠲᠠᠶᠢᠹᠤᠰᠧ ᠬᠤᠰᠢᠭᠤᠨ ᠤ ᠰᠣᠶᠣᠯ ᠤᠨ ᠠᠰᠠᠷ  ᠂     ᠬᠠᠷᠢᠯᠴᠠᠬᠤ ᠤᠲᠠᠰᠤ᠄ 0479—2265707᠂        ᠢᠮᠧᠯ᠄ tpsqbwg@163.com     ᠬᠠᠷᠢᠯᠴᠠᠬᠤ ᠬᠥᠮᠦᠨ᠄ ᠸᠠᠩ ᠵᠢᠩ ᠽᠧ 15048954567   ᠤᠴᠠᠷᠠᠯᠳᠤ 13847907343
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号