ᠢᠰᠡᠭᠡᠢ ᠤᠷᠠᠯᠠᠯ ᠤᠨ ᠦᠢᠯᠡᠰ ᠢᠶᠠᠨ ᠬᠦᠭᠵᠢᠬᠦᠯᠵᠦ ᠦᠪ ᠰᠣᠶᠣᠯ ᠢᠶᠠᠨ ᠤᠯᠠᠮᠵᠢᠯᠠᠨ ᠲᠡᠯᠬᠡᠷᠡᠬᠦᠯᠦᠨᠡᠮ
ᠨᠡᠶᠢᠲᠡᠯᠡᠭᠰᠡᠨ ᠴᠠᠭ᠄
2021/7/21
ᠢᠰᠡᠭᠡᠢ ᠤᠷᠠᠯᠠᠯ ᠪᠣᠯ ᠮᠣᠩᠭᠤᠯᠴᠤᠳ ᠤᠨ ᠤᠷᠳᠤ ᠬᠤᠭᠤᠴᠠᠭᠠᠨ ᠤ ᠨᠡᠭᠦᠳᠡᠯ ᠮᠠᠯᠵᠢᠯ ᠤᠨ ᠠᠮᠢᠳᠤᠷᠠᠯ ᠳᠤᠮᠳᠠ ᠡᠭᠦᠰᠦᠨ ᠪᠦᠷᠢᠯᠳᠦᠭᠰᠡᠨ ᠤᠯᠠᠮᠵᠢᠯᠠᠯᠲᠤ ᠭᠠᠷ ᠤᠷᠠᠯᠠᠯ ᠪᠣᠯᠬᠤ ᠪᠥᠭᠡᠳ ᠬᠥᠳᠡᠯᠮᠦᠷᠢᠴᠢᠨ ᠠᠷᠠᠳ ᠲᠦᠮᠡᠨ ᠤ ᠤᠶᠤᠨ ᠤᠬᠠᠭᠠᠨ ᠤ ᠦᠷ᠎ᠡ ᠪᠦᠲᠦᠭᠡᠯ ᠪᠣᠯᠬᠤ ᠶᠤᠮ᠃  ᠮᠣᠩᠭᠤᠯᠴᠤᠳ ᠬᠤᠨᠢᠨ ᠤ ᠨᠤᠤᠰᠤ ᠪᠠᠷ ᠢᠰᠡᠭᠡᠢ ᠬᠢᠵᠦ ᠭᠡᠷᠡᠭᠯᠡᠳᠡᠭ᠃ ᠢᠰᠡᠭᠡᠢ ᠪᠠᠷ ᠢᠶᠠᠨ  ᠲᠤᠭᠤᠷᠭ᠎ᠠ ᠪᠦᠷᠢᠶᠡᠰᠦ᠂ ᠣᠯᠪᠣᠭ ᠰᠢᠷᠢᠳᠡᠭ᠂ ᠲᠤᠬᠤᠮ ᠲᠤᠬᠤᠰᠢ᠂  ᠣᠶᠢᠮᠣᠰᠤ ᠭᠤᠳᠤᠯ᠂ ᠡᠬᠦᠳᠡᠨ ᠤ ᠤᠷᠬᠢᠭᠤᠯ᠂ ᠰᠡᠦᠬᠡ ᠶᠢᠨ ᠪᠦᠷᠬᠦᠬᠦᠯ᠂  ᠲᠦᠯ ᠤᠨ ᠤᠭᠤᠲᠠ ᠵᠡᠷᠭᠡ ᠡᠳ᠋ᠯᠡᠯ ᠦᠢᠯᠡᠳᠦᠨ᠎ᠡ᠃ ᠲᠠᠶᠢᠹᠤᠰᠧ ᠪᠦᠰᠡᠭᠦᠶᠢᠴᠤᠳ ᠵᠠᠬ᠎ᠠ ᠠᠴᠠ ᠪᠠᠨ ᠤᠷᠠᠨ ᠪᠠᠶᠢᠵᠤ᠂  ᠲᠡᠪᠡᠯ ᠬᠤᠪᠴᠠᠰᠤ᠂ ᠢᠰᠡᠭᠡᠢ ᠰᠢᠷᠢᠳᠡᠭ᠂ ᠭᠤᠳᠤᠯ ᠱᠠᠬᠠᠢ ᠶᠢ ᠮᠠᠰᠢ ᠰᠠᠶᠢᠬᠠᠨ ᠤᠷᠠᠯᠠᠵᠤ ᠤᠶᠤᠳᠠᠭ᠃  ᠭᠡᠷ ᠤᠨ ᠲᠡᠭᠡᠪᠦᠷ ᠲᠤ ᠬᠦᠯᠳᠦᠷᠭᠡ ᠲᠠᠭᠠᠷᠠᠭᠤᠯᠵᠤ ᠤᠶᠤᠬᠤ᠂ ᠡᠬᠦᠳᠡᠨ ᠤ ᠤᠷᠬᠢᠭᠤᠯ᠂ ᠲᠡᠪᠢᠰᠭᠡᠷ ᠰᠢᠷᠢᠳᠡᠭ ᠲᠤ ᠡᠯᠳᠡᠪ ᠶᠠᠩᠵᠤ ᠶᠢᠨ ᠬᠡ ᠤᠭᠠᠯᠵᠠ ᠭᠠᠷᠭᠠᠨ᠂ ᠲᠡᠮᠡᠭᠡᠨ ᠨᠤᠤᠰᠤ ᠤᠳᠠᠰᠤ ᠪᠠᠷ ᠮᠠᠰᠢ ᠭᠤᠶᠤᠯᠠᠵᠤ ᠰᠢᠷᠢᠵᠦ ᠪᠠᠬᠢᠯᠡᠭᠰᠡᠨ ᠪᠠᠶᠢᠳᠠᠭ᠃   ᠨᠠᠷᠠ  ᠬᠤᠷ᠎ᠠ ᠲᠡᠩᠴᠡᠭᠰᠡᠨ ᠨᠠᠶᠢᠷᠰᠠᠭ ᠰᠠᠶᠢᠬᠠᠨ ᠤᠯᠠᠷᠢᠯ ᠤᠨ 7 ᠰᠠᠷ᠎ᠠ ᠶᠢᠨ 19 ᠤ ᠡᠳᠦᠷ᠂ ᠭᠦᠨᠪᠤᠯᠠᠭ ᠰᠤᠮᠤᠨ ᠤ ᠪᠤᠮᠪᠠᠨ ᠭᠠᠴᠠᠭ᠎ᠠ ᠳᠤ  ᠲᠠᠶᠢᠹᠤᠰᠧ᠂ ᠰᠢᠯᠤᠭᠤᠨ ᠬᠦᠬᠡ ᠬᠤᠶᠠᠷ ᠬᠤᠰᠢᠭᠤᠨ ᠤ ᠢᠰᠡᠭᠡᠢ  ᠤᠷᠠᠴᠤᠳ ᠤᠨ  ᠰᠣᠯᠢᠯᠴᠠᠭᠠᠨ  ᠤ  ᠴᠤᠭᠯᠠᠭᠠᠨ ᠪᠤᠯᠵᠤ ᠦᠩᠭᠡᠷᠡᠯ᠎ᠡ  ᠃  ᠡᠨᠡ ᠤᠳᠠᠭᠠᠨ ᠤ  ᠴᠤᠭᠯᠠᠭᠠᠨ ᠤ ᠵᠤᠬᠢᠶᠠᠨ ᠪᠠᠶᠢᠭᠤᠯᠤᠭᠴᠢ ᠶᠢᠨ ᠨᠢᠬᠡ ᠪᠤᠯᠬᠤ ᠰᠠᠷᠠᠨᠭᠡᠷᠡᠯ ᠪᠣᠯ ᠬᠦᠨᠪᠤᠯᠠᠭ ᠰᠤᠮᠤᠨ ᠤ ᠰᠢᠨᠠᠪᠤᠯᠠᠭ ᠭᠠᠴᠠᠭᠠᠨ ᠤ ᠮᠠᠯᠴᠢᠨ᠂ ᠠᠶᠢᠮᠠᠭ ᠤᠨ ᠲᠠᠰ ᠤᠨ ᠴᠠᠬᠠᠷ  ᠤᠯᠠᠮᠵᠢᠯᠠᠯᠲᠤ ᠬᠤᠪᠴᠠᠰᠤ ᠵᠠᠰᠠᠯ ᠤᠨ  ᠦᠪᠯᠡᠨ ᠤᠯᠠᠮᠵᠢᠯᠠᠭᠴᠢ  ᠪᠤᠯᠤᠨ᠎ᠠ᠃ ᠡᠨᠡ ᠡᠳᠦᠷ ᠲᠡᠷᠡᠪᠡᠷ ᠰᠢᠯᠤᠭᠤᠨ ᠬᠥᠬᠡ ᠬᠤᠰᠢᠭᠤᠨ ᠤ ᠢᠰᠡᠭᠡᠶ ᠤᠷᠠᠯᠠᠯ ᠤᠨ ᠨᠡᠶᠢᠭᠡᠮᠯᠢᠭ ᠤᠨ ᠬᠡᠳᠦᠨ ᠨᠠᠶᠢᠵᠠ ᠪᠠᠨ  ᠲᠠᠶᠢᠹᠤᠰᠧ ᠬᠤᠰᠢᠭᠤᠨ  ᠳᠠᠭᠠᠨ ᠤᠷᠢᠵᠤ ᠢᠰᠡᠭᠡᠢ ᠤᠷᠠᠯᠠᠯ ᠤᠨ ᠲᠤᠬᠠᠢ ᠠᠷᠭ᠎ᠠ ᠲᠤᠷᠰᠢᠯᠭ᠎ᠠ  ᠤᠷ᠎ᠠ ᠲᠡᠮ ᠢᠶᠠᠨ ᠰᠤᠯᠢᠯᠴᠠᠬᠤ   ᠪᠠᠷ ᠪᠤᠯᠵᠠᠢ ᠃  ᠪᠤᠮᠪᠠᠨ ᠭᠠᠴᠠᠭᠠᠨ ᠳᠤ ᠶᠠᠪᠤᠭᠳᠠᠭᠰᠠᠨ ᠴᠤᠭᠯᠠᠭᠠᠨ ᠤ ᠠᠬᠤᠢ ᠲᠠᠯᠠᠪᠠᠶ ᠳᠤ᠂ ᠬᠤᠶᠠᠷ  ᠨᠤᠳᠤᠭ ᠤᠨ  ᠤᠷᠠᠨ ᠬᠠᠳᠬᠤᠮᠠᠯᠴᠢᠳ ᠠᠴᠠ《 ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ  ᠪᠡᠯᠬᠡᠯᠡᠶ᠎ᠡ 》 ᠬᠡᠮᠡᠬᠦ ᠥᠰᠥᠭ ᠲᠠᠢ  ᠬᠠᠳᠬᠤᠮᠠᠯ ᠵᠢᠷᠤᠭ ᠪᠠ  ᠢᠰᠡᠭᠡᠢ ᠬᠡᠷ  ᠂  ᠢᠰᠡᠬᠡᠢ ᠪᠤᠭᠴᠤ  ᠂ ᠢᠰᠡᠭᠡᠢ ᠰᠠᠭᠤᠯᠠᠭ᠎ᠠ ᠮᠡᠳᠦ ᠮᠡᠳᠦ ᠶᠢᠨ ᠦᠨᠳᠦᠰᠦᠲᠡᠨ ᠤ ᠬᠡᠪ ᠨᠠᠮᠪᠠ ᠲᠠᠢ ᠤᠷᠠᠨ ᠪᠦᠳᠦᠬᠡᠯ ᠢᠶᠠᠨ ᠲᠡᠯᠬᠡᠨ ᠦᠵᠡᠬᠦᠯᠦᠭᠰᠡᠨ  ᠤ ᠬᠠᠮᠳᠤ  ᠂ ᠢᠰᠡᠭᠡᠶ ᠮᠠᠯᠠᠭᠠᠶ  ᠤᠷᠠᠯᠠᠵᠤ ᠬᠢᠬᠦ  ᠂ ᠲᠡᠮᠡᠭᠡᠨ ᠨᠤᠤᠰᠤᠨ ᠲᠠᠰᠢᠭᠤᠷ ᠬᠦᠷᠦᠬᠦ  ᠂   ᠵᠡᠭᠦᠦ ᠤᠳᠠᠰᠤ  ᠶᠢ ᠭᠡᠷᠬᠢᠨ ᠭᠡᠷᠡᠭᠯᠡᠬᠦ ᠵᠡᠷᠭᠡ ᠲᠠᠯ᠎ᠠ ᠪᠠᠷ ᠠᠷᠭ᠎ᠠ ᠲᠤᠷᠰᠢᠯᠭ᠎ᠠ ᠪᠠᠨ ᠰᠣᠯᠢᠯᠴᠠᠵᠤ᠂ ᠤᠷ᠎ᠠ  ᠡᠷᠳᠡᠮ ᠢᠶᠠᠨ ᠤᠯᠠᠮᠵᠢᠯᠠᠵᠠᠭᠠᠭᠰᠠᠨ ᠪᠠᠶᠢᠯ᠎ᠠ᠃   ︽ᠨᠢᠳᠤᠨᠤᠨ ᠪᠢᠳᠡ ᠰᠢᠯᠤᠭᠤᠨ ᠬᠥᠬᠡ ᠬᠤᠰᠢᠭᠤᠨ ᠳᠤ ᠬᠦᠷᠴᠦ ᠢᠰᠡᠭᠡᠶ ᠤᠷᠠᠯᠠᠯ ᠤᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠭᠠᠳ  ᠶᠡᠬᠡᠬᠡᠨ ᠣᠯᠤᠯᠲᠠ ᠲᠠᠢ ᠢᠷᠡᠭᠰᠡᠨ ᠶᠤᠮ᠂  ᠡᠶᠢᠨ ᠬᠦ᠋ ᠡᠨᠡ ᠵᠢᠯ ᠲᠠᠶᠢᠹᠤᠰᠧ ᠬᠤᠰᠢᠭᠤᠨ ᠳᠠᠭᠠᠨ ᠡᠨᠡᠬᠦ ᠠᠵᠢᠯᠯᠠᠭ᠎ᠠ   ᠶᠢ ᠡᠷᠬᠢᠯᠡᠨ ᠶᠠᠪᠤᠭᠳᠠᠭᠤᠯᠬᠤ ᠪᠠᠷ ᠪᠤᠯᠵᠠᠢ᠂ ᠡᠬᠦᠪᠡᠷ ᠲᠠᠮᠵᠢᠨ ᠬᠤᠶᠠᠷ ᠭᠠᠵᠠᠷ ᠤᠨ ᠤᠷᠠᠴᠤᠳ ᠤᠨ ᠬᠠᠷᠢᠯᠴᠠᠭ᠎ᠠ ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠬᠤᠶᠢᠰᠢᠳᠠ ᠶᠢᠨ ᠬᠠᠮᠲᠤ ᠶᠢᠨ ᠬᠥᠭᠵᠢᠯᠲᠡ ᠳᠡᠭᠡᠨ ᠰᠠᠭᠤᠷᠢ ᠲᠠᠯᠪᠢᠬᠤ ᠶᠢ ᠵᠤᠷᠢᠯ᠎ᠠ︾ ᠬᠡᠵᠦ ᠰᠠᠷᠠᠨᠭᠡᠷᠡᠯ  ᠨᠠᠰᠤᠳᠠᠨ ᠶᠠᠷᠢᠬᠤ ᠳᠤ  ᠂ ᠰᠢᠯᠤᠭᠤᠨ ᠬᠥᠬᠡ ᠬᠤᠰᠢᠭᠤᠨ ᠤ ᠢᠰᠡᠭᠡᠢ ᠤᠷᠠᠯᠠᠯ ᠤᠨ ᠨᠡᠶᠢᠭᠡᠮᠯᠢᠭ ᠤᠨ ᠭᠡᠰᠢᠭᠦᠨ ᠨᠠᠨᠰᠠᠯᠮ᠎ᠠ  ᠄  ︽ ᠡᠨᠡ ᠤᠳᠠᠭᠠᠨ ᠤ ᠰᠣᠯᠢᠯᠴᠠᠭᠠᠨ ᠤ ᠠᠵᠢᠯᠯᠠᠭ᠎ᠠ ᠳᠤ ᠤᠷᠤᠯᠴᠠᠭᠠᠳ ᠲᠤᠩ ᠪᠠᠶᠠᠷ ᠲᠠᠢ ᠪᠠᠶᠢᠨ᠎ᠠ ᠂ ᠢᠰᠡᠭᠡᠢ ᠤᠷᠠᠯᠠᠯ ᠪᠣᠯ ᠮᠠᠨ ᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠪᠣᠯᠤᠨ᠎ᠠ᠂ ᠪᠢᠳᠡ ᠡᠨᠡ ᠬᠦ  ᠦᠪ ᠰᠣᠶᠣᠯ   ᠢᠶᠠᠨ ᠬᠤᠶᠢᠴᠢ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠬᠤ ᠡᠭᠦᠷᠭᠡ ᠲᠠᠢ ᠪᠢᠯᠡ᠂ ᠡᠭᠦᠨ ᠤ ᠲᠥᠯᠥᠭᠡ ᠴᠢᠷᠮᠠᠶᠢᠵᠤ ᠵᠢᠳᠬᠦᠵᠦ᠂ ᠢᠰᠡᠭᠡᠢ ᠤᠷᠠᠯᠠᠯ ᠢ ᠦᠶ᠎ᠡ ᠶᠢᠨ ᠦᠶ᠎ᠡ ᠤᠯᠠᠮᠵᠢᠯᠠᠨ ᠵᠠᠯᠭᠠᠮᠵᠢᠯᠠᠬᠤ ᠳᠤ  ᠦᠪᠡᠷᠦᠨ ᠬᠡᠰᠡᠨ ᠬᠤᠪᠢ ᠨᠡᠮᠡᠷᠢ ᠪᠠᠨ ᠦᠵᠡᠭᠦᠯᠪᠡᠯ ᠵᠣᠬᠢᠨ᠎ᠠ︾ ᠬᠡᠮᠡᠨ ᠦᠬᠡᠨ ᠤ ᠦᠵᠦᠬᠦᠷ   ᠢ ᠡᠯᠬᠦᠵᠦ ᠶᠠᠷᠢᠯ᠎ᠠ ᠃ ᠠᠵᠢᠯᠯᠠᠭ᠎ᠠ ᠪᠠᠨ ᠤᠯᠠᠮ  ᠤᠳᠬ᠎ᠠ ᠠᠭᠤᠯᠭ᠎ᠠ ᠲᠠᠢ᠂ ᠬᠦᠷ ᠬᠦᠭᠵᠢᠶᠡᠨ ᠲᠠᠢ  ᠶᠠᠪᠤᠭᠳᠠᠭᠤᠯᠬᠤ ᠶᠢᠨ ᠲᠤᠰᠠᠳᠠ᠂  ᠬᠤᠶᠠᠷ ᠬᠤᠰᠢᠭᠤᠨ ᠤ ᠨᠠᠰᠤᠳᠠᠶᠢᠴᠤᠳ ᠪᠠᠰᠠ ᠤᠶᠠᠩᠭᠠᠳᠤ ᠲᠠᠭᠤᠤ ᠪᠠᠨ ᠲᠠᠭᠤᠯᠠᠵᠤ᠂ ᠤᠷᠠᠨ ᠪᠦᠵᠢᠭ ᠢᠶᠠᠨ   ᠪᠦᠵᠢᠭᠯᠡᠨ᠂ ᠳᠡᠭᠡᠰᠦ ᠲᠠᠲᠠᠬᠤ᠂ ᠭᠠᠷ ᠠᠯᠴᠢᠭᠤᠷ ᠬᠠᠶᠠᠬᠤ ᠵᠡᠷᠭᠡ ᠨᠠᠭᠠᠳᠤᠮ ᠲᠤᠭᠯᠠᠭᠠᠮ  ᠶᠠᠪᠤᠭᠳᠠᠭᠤᠯᠵᠤ᠂  ᠬᠡᠦᠬᠡᠳ ᠦᠬᠡᠷ᠎ᠡ ᠦᠬᠡᠢ ᠬᠦᠬᠡᠷᠦᠯᠳᠦᠨ ᠪᠠᠶᠠᠰᠤᠯᠳᠤᠭᠰᠠᠨ ᠪᠠᠶᠢᠯ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号