ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ︵44 ᠲᠤᠭᠠᠳᠤ︶
ᠨᠡᠶᠢᠲᠡᠯᠡᠭᠰᠡᠨ ᠴᠠᠭ᠄
2021/7/21
ᠤᠯᠤᠰ᠂ ᠣᠷᠣᠨ ᠤ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠰᠡᠷᠭᠡᠶᠢᠯᠡᠯᠳᠡ ᠶᠢᠨ ᠲᠠᠷᠢᠯᠭ᠎ᠠ ᠶᠢᠨ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠠᠨ ᠳᠣᠤᠷᠠᠳᠤ ᠬᠠᠭᠠᠰ ᠵᠢᠯ ᠤᠨ ᠲᠠᠷᠢᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂  ᠡᠳᠦᠬᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠪᠠ᠄     ᠨᠢᠭᠡ᠂ ᠲᠠᠷᠢᠯᠭ᠎ᠠ ᠶᠢᠨ ᠪᠠᠶᠢᠷᠢᠯᠠᠭᠤᠯᠤᠯᠳᠠ    ( ᠨᠢᠭᠡ ) ᠪᠦᠬᠦᠯᠢ 18 ᠨᠠᠰᠤ ᠵᠢᠴᠢ 18 ᠠᠴᠠ ᠳᠡᠭᠡᠭᠰᠢᠬᠢ ᠨᠠᠰᠤᠨ ᠤ ᠬᠥᠮᠦᠰ ( ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠨᠢ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠪᠦᠬᠦᠯᠢ 60 ᠨᠠᠰᠤ ᠵᠢᠴᠢ 60 ᠠᠴᠠ ᠳᠡᠭᠡᠭᠰᠢᠬᠢ ᠨᠠᠰᠤᠨ ᠤ ᠬᠥᠮᠦᠰ ᠪᠠᠭᠲᠠᠨ᠎ᠠ )  8 ᠰᠠᠷ᠎ᠠ ᠶᠢᠨ ᠡᠴᠦᠰ ᠠᠴᠠ ᠡᠮᠦᠨ᠎ᠡ ᠨᠢᠭᠡᠳᠦᠭᠡᠷ ᠲᠠᠷᠢᠯᠭ᠎ᠠ ᠪᠠᠨ ᠲᠠᠷᠢᠭᠤᠯᠵᠤ᠂ 9 ᠰᠠᠷ᠎ᠠ ᠶᠢᠨ  ᠡᠴᠦᠰ ᠢᠶᠠᠷ ᠬᠤᠶᠠᠳᠤᠭᠠᠷ ᠲᠠᠷᠢᠯᠭ᠎ᠠ ᠪᠠᠨ ᠲᠠᠷᠢᠭᠤᠯᠤᠨ᠎ᠠ᠃ ᠲᠠᠷᠢᠯᠭ᠎ᠠ ᠬᠢᠬᠦ ᠭᠠᠵᠠᠷ᠄  ᠬᠤᠰᠢᠭᠤ ᠡᠮᠨᠡᠯᠭᠡ ᠶᠢᠨ ᠬᠤᠷᠢᠶ᠎ᠠ ᠪᠠ  ᠪᠦᠬᠦ ᠬᠤᠰᠢᠭᠤᠨ ᠤ 10 ᠡᠷᠡᠭᠦᠯ ᠬᠠᠮᠠᠭᠠᠯᠠᠯ ᠤᠨ  ᠬᠤᠷᠢᠶ᠎ᠠ᠃    ( ᠬᠤᠶᠠᠷ ) 15 — 17 ᠪᠦᠬᠦᠯᠢ ᠨᠠᠰᠤᠨ ᠤ ᠬᠥᠮᠦᠰ ᠲᠤ 7 ᠰᠠᠷ᠎ᠠ ᠶᠢᠨ 21 ᠤ ᠡᠳᠦᠷ ᠠᠴᠠ ᠡᠬᠢᠯᠡᠨ ᠲᠠᠷᠢᠯᠭ᠎ᠠ ᠬᠢᠵᠦ᠂ 7 ᠰᠠᠷ᠎ᠠ ᠶᠢᠨ ᠡᠴᠦᠰ ᠠᠴᠠ ᠡᠮᠦᠨ᠎ᠡ ᠨᠢᠭᠡᠳᠦᠭᠡᠷ ᠲᠠᠷᠢᠯᠭ᠎ᠠ ᠶᠢ ᠪᠡᠶᠡᠯᠡᠬᠦᠯᠦᠨ᠂  8 ᠰᠠᠷ᠎ᠠ ᠶᠢᠨ  ᠡᠴᠦᠰ ᠠᠴᠠ ᠡᠮᠦᠨ᠎ᠡ ᠬᠤᠶᠠᠳᠤᠭᠠᠷ ᠲᠠᠷᠢᠯᠭ᠎ᠠ ᠶᠢ ᠬᠢᠵᠦ ᠳᠠᠭᠤᠰᠬᠠᠨ᠎ᠠ᠃ ᠲᠠᠷᠢᠯᠭ᠎ᠠ ᠬᠢᠬᠦ ᠭᠠᠵᠠᠷ᠄ ᠬᠤᠰᠢᠭᠤ ᠡᠮᠨᠡᠯᠭᠡ ᠶᠢᠨ ᠬᠤᠷᠢᠶ᠎ᠠ᠃     ᠬᠤᠶᠠᠷ᠂ ᠠᠩᠬᠠᠷᠬᠤ ᠵᠦᠢᠯ    ( ᠨᠢᠭᠡ ) ᠪᠦᠬᠦᠯᠢ 60 ᠨᠠᠰᠤ ᠵᠢᠴᠢ 60 ᠠᠴᠠ ᠳᠡᠭᠡᠭᠰᠢᠬᠢ ᠨᠠᠰᠤᠨ ᠤ ᠬᠥᠮᠦᠰ ᠡᠪᠡᠳᠴᠢᠨ ᠲᠠᠬᠤᠯ ᠳᠤ ᠨᠡᠷᠪᠡᠭᠳᠡᠬᠦ ᠨᠢ ᠨᠡᠯᠢᠶᠡᠳ ᠤᠯᠠᠨ ᠪᠠᠶᠢᠳᠠᠭ ᠪᠤᠯᠬᠤᠷ᠂ ᠲᠠᠷᠢᠯᠭ᠎ᠠ ᠬᠢᠬᠦ ᠠᠴᠠ ᠡᠮᠦᠨ᠎ᠡ ᠡᠷᠡᠭᠦᠯ ᠮᠡᠨᠳᠦ ᠶᠢᠨ ᠪᠠᠶᠢᠳᠠᠯ  ᠢ ᠠᠰᠠᠭᠤᠨ ᠯᠠᠪᠯᠠᠬᠤ ᠪᠠ ᠲᠠᠷᠢᠯᠭ᠎ᠠ ᠶᠢᠨ ᠴᠡᠭᠡᠷ   ᠤᠨ ᠬᠢᠨᠠᠨ ᠲᠤᠭᠳᠠᠭᠠᠯᠳᠠ ᠬᠢᠬᠦ ᠶᠢ ᠨᠢᠮᠪᠠᠢ ᠭᠡᠷᠡᠭᠵᠢᠬᠦᠯᠬᠦ ᠭᠡᠷᠡᠭᠳᠡᠢ᠂  ᠮᠠᠨ ᠤ ᠬᠤᠰᠢᠭᠤᠨ ᠤ 11 ᠲᠠᠷᠢᠯᠭ᠎ᠠ ᠶᠢᠨ ᠴᠡᠭ ᠲᠤ ᠴᠥᠮ ᠠᠰᠠᠭᠤᠨ ᠯᠠᠪᠯᠠᠬᠤ ᠲᠠᠪᠴᠠᠩ ᠲᠤᠬᠢᠷᠠᠭᠤᠯᠤᠭᠰᠠᠨ ᠪᠤᠯᠬᠤᠷ ᠲᠠᠷᠢᠯᠭ᠎ᠠ  ᠬᠢᠬᠦ  ᠦᠶᠡᠰ ᠡᠷᠭᠡᠪᠰᠢ ᠡᠷᠡᠭᠦᠯ ᠮᠡᠨᠳᠦ ᠶᠢᠨ ᠪᠠᠶᠢᠳᠠᠯ ᠪᠠ ᠲᠠᠷᠢᠯᠭ᠎ᠠ ᠶᠢᠨ ᠴᠡᠭᠡᠷ ᠢ ᠨᠢ ᠨᠠᠷᠢᠨ ᠨᠢᠮᠪᠠᠶ ᠠᠰᠠᠭᠤᠨ ᠯᠠᠪᠯᠠᠵᠤ᠂  ᠨᠥᠬᠦᠴᠡᠯ ᠳᠤ ᠨᠡᠶᠢᠴᠡᠪᠡᠯ ᠰᠠᠶ᠋ᠢ ᠲᠠᠷᠢᠯᠭ᠎ᠠ ᠬᠢᠵᠦ ᠪᠣᠯᠤᠨ᠎ᠠ᠃     ( ᠬᠤᠶᠠᠷ ) 15 —17 ᠨᠠᠰᠤᠨ ᠤ ᠬᠥᠮᠦᠰ ᠨᠢ ᠬᠡᠷᠪᠡ  ︽ ᠲᠠᠷᠢᠯᠭ᠎ᠠ ᠶᠢᠨ ᠲᠡᠪᠳᠡᠷ︾ ᠲᠠᠢ ᠪᠣᠯ ᠲᠠᠷᠢᠯᠭ᠎ᠠ ᠶᠢᠨ ᠮᠡᠳᠡᠭᠡ ᠵᠠᠩᠭᠢ ᠶᠢ ᠨᠢ ᠲᠡᠪᠳᠡᠷ ᠳᠡᠭᠡᠷ᠎ᠡ ᠨᠢ ᠲᠡᠮᠳᠡᠭᠯᠡᠨ᠎ᠡ᠃ ᠮᠠᠨ ᠤ ᠬᠤᠰᠢᠭᠤᠨ ᠳᠠᠭᠠᠨ ᠰᠤᠷᠤᠯᠴᠠᠵᠤ ᠪᠠᠶᠢᠭ᠎ᠠ ᠰᠤᠷᠤᠭᠴᠢᠳ ᠤᠨ  ᠲᠠᠷᠢᠯᠭ᠎ᠠ ᠶᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠬᠤᠰᠢᠭᠤᠨ ᠤ ᠡᠮᠨᠡᠯᠭᠡ ᠶᠢᠨ ᠬᠤᠷᠢᠶᠠᠨ ᠳᠤ  ᠲᠠᠷᠢᠭᠤᠯᠤᠨ᠎ᠠ᠂ ᠲᠠᠷᠢᠯᠭ᠎ᠠ ᠬᠢᠬᠦ ᠦᠶ᠎ᠡ ᠳᠤ ᠰᠤᠷᠭᠠᠭᠤᠯᠢ ᠶᠢᠨ  ᠪᠠᠭᠰᠢ ᠠᠵᠢᠯᠲᠠᠨ ᠪᠤᠶᠤ  ᠭᠡᠷ ᠤᠨ ᠠᠬᠠᠮᠠᠳ   ᠨᠢ ᠪᠠᠷ᠎ᠠ ᠪᠤᠯᠬᠤ ᠪᠦᠬᠡᠳ ᠭᠠᠷ ᠤᠨ ᠥᠰᠥᠭ ᠵᠢᠷᠤᠭᠰᠠᠨ ᠵᠦᠪᠰᠢᠶᠡᠷᠡᠯ ᠤᠨ ᠪᠢᠴᠢᠭ ᠢ ᠬᠠᠩᠭᠠᠬᠤ ᠬᠡᠷᠡᠭᠲᠡᠶ᠃ ᠮᠠᠨ ᠤ ᠬᠤᠰᠢᠭᠤᠨ ᠤ ᠪᠤᠰᠤ ᠰᠤᠷᠭᠠᠭᠤᠯᠢ ᠶᠢᠨ ᠰᠣᠷᠣᠭᠴᠢ ᠳᠤ ᠲᠠᠷᠢᠯᠭ᠎ᠠ ᠳᠠᠷᠢᠬᠤ ᠳᠤ  ᠭᠡᠷ ᠤᠨ ᠠᠬᠠᠮᠠᠳ ᠨᠢ ᠪᠠᠷ᠎ᠠ ᠪᠣᠯᠵᠣ᠂  ᠭᠠᠷ ᠤᠨ ᠥᠰᠥᠭ ᠵᠢᠷᠤᠭᠰᠠᠨ  ᠵᠥᠪᠰᠢᠶᠡᠷᠡᠯ ᠤᠨ ᠪᠢᠴᠢᠭ ᠢ ᠬᠠᠩᠭᠠᠬᠤ ᠬᠡᠷᠡᠭᠲᠡᠶ᠃     ( ᠭᠤᠷᠪᠠ ) ᠠᠮᠤᠷ ᠲᠦᠪᠰᠢᠨ ᠰᠡᠷᠭᠡᠶᠢᠯᠡᠯᠳᠡ ᠶᠢᠨ ᠲᠠᠷᠢᠯᠭ᠎ᠠ ᠬᠢᠬᠦ ᠶᠢ ᠪᠠᠲᠤᠯᠠᠵᠤ᠂ ᠠᠷᠠᠳ ᠣᠯᠠᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂  ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ᠲᠠᠷᠢᠯᠭ᠎ᠠ ᠶᠢᠨ ᠴᠡᠭᠡᠷ ᠲᠠᠢ ᠡᠪᠡᠳᠴᠢᠨ ᠢ ᠬᠢᠨᠠᠨ ᠲᠣᠭᠲᠠᠭᠠᠬᠤ ᠡᠭᠦᠳᠡᠨ ᠡᠮᠨᠡᠯᠭᠡ ᠨᠡᠭᠡᠭᠡᠵᠦ᠂  ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠣᠨᠴᠠᠭᠠᠶ ᠡᠪᠡᠳᠴᠢᠨ ᠡᠮᠭᠡᠭ ᠲᠠᠢ ᠪᠤᠶᠤ ᠴᠡᠭᠡᠷᠯᠡᠬᠦ ᠡᠪᠡᠳᠴᠢᠨ ᠲᠠᠢ ᠬᠥᠮᠦᠰ ᠲᠤ ᠬᠢᠨᠠᠨ  ᠲᠤᠭᠳᠠᠭᠠᠯᠳᠠ ᠬᠢᠨ᠎ᠡ᠂ ᠬᠢᠨᠠᠨ ᠲᠣᠭᠲᠠᠭᠠᠬᠤ ᠴᠢᠬᠤᠯᠠᠲᠠᠶ ᠬᠥᠮᠦᠰ ᠲᠠᠷᠤᠶᠢᠬᠠᠨ ᠬᠦᠷᠴᠦ ᠬᠢᠨᠠᠨ ᠲᠤᠭᠳᠠᠭᠠᠯᠳᠠ ᠬᠢᠯᠬᠡᠭᠡᠷᠡᠢ᠃ ᠭᠠᠵᠠᠷ᠄ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠤᠶᠠᠳᠤᠭᠠᠷ ᠳᠠᠪᠬᠤᠷᠭ᠎ᠠ᠂  ᠴᠠᠭ᠄ ᠡᠳᠦᠷ ᠲᠤᠲᠤᠮ ᠤᠨ ᠠᠵᠢᠯᠯᠠᠬᠤ ᠴᠠᠭ᠃     ( ᠲᠦᠷᠪᠡ )  ᠪᠤᠳᠠᠳᠠᠢ ᠲᠠᠷᠢᠯᠭ᠎ᠠ ᠲᠠᠷᠢᠬᠤ ᠬᠥᠮᠦᠰ ᠪᠣᠯᠤᠨ ᠴᠠᠭ ᠬᠤᠭᠤᠴᠠᠭ᠎ᠠ ᠶᠢ ᠡᠯ᠎ᠡ ᠰᠤᠮᠤ ᠰᠢᠶᠠᠩ  ᠪᠠᠯᠭᠠᠰᠤᠨ ᠤ  ᠵᠠᠰᠠᠭ ᠤᠨ ᠣᠷᠳᠣᠨ ᠪᠤᠶᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠮᠡᠳᠡᠭᠳᠡᠯ ᠢᠶᠠᠷ ᠪᠠᠷᠢᠮᠵᠢᠶ᠎ᠠ  ᠪᠤᠯᠭᠠᠨ᠎ᠠ᠂ ᠡᠯ᠎ᠡ ᠰᠤᠮᠤ ᠰᠢᠶᠠᠩ ᠪᠠᠯᠭᠠᠰᠤ   ᠨᠢ ᠤᠬᠠᠭᠤᠯᠭ᠎ᠠ ᠶᠢᠨ ᠠᠵᠢᠯ ᠢ ᠤᠷᠢᠳᠴᠢᠯᠠᠨ ᠰᠠᠶᠢᠲᠤᠷ ᠬᠢᠵᠦ᠂  ᠲᠤᠰ ᠭᠠᠵᠠᠷ ᠤᠷᠤᠨ ᠤ ᠪᠠᠨ ᠰᠠᠭᠤᠭᠠᠯᠢ ᠠᠷᠠᠳ   ᠢ ᠵᠤᠬᠢᠶᠠᠨ ᠪᠠᠶᠢᠭᠤᠯᠵᠤ ᠡᠮᠬᠢ ᠵᠢᠷᠤᠮ ᠲᠠᠢ ᠪᠠᠷ ᠲᠠᠷᠢᠯᠭ᠎ᠠ ᠲᠠᠷᠢᠭᠤᠯᠬᠤ ᠭᠡᠷᠡᠭᠳᠡᠢ  ᠃  ᠴᠢᠬᠤᠯᠠᠳᠠᠢ ᠦᠶᠡᠰ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ  ᠲᠠᠢ ᠬᠠᠷᠢᠴᠠᠵᠤ ᠴᠠᠭᠳᠠᠭᠠᠨ ᠤ ᠬᠦᠴᠦᠨ ᠨᠡᠮᠡᠵᠦ  ᠲᠤᠬᠢᠷᠠᠭᠤᠯᠤᠨ᠂  ᠲᠠᠷᠢᠯᠭ᠎ᠠ ᠶᠢᠨ ᠴᠡᠭ ᠤᠨ ᠡᠮᠬᠢ ᠳᠢᠭᠯᠢᠮ ᠢ ᠬᠠᠮᠠᠭᠠᠯᠠᠭᠤᠯᠵᠤ ᠪᠤᠯᠤᠨ᠎ᠠ᠃ ᠲᠠᠷᠢᠯᠭ᠎ᠠ ᠬᠢᠬᠦ ᠳᠡᠭᠡᠨ ᠬᠤᠪᠢ ᠬᠥᠮᠦᠨ ᠤ ᠪᠡᠶ᠎ᠡ ᠶᠢᠨ ᠦᠨᠡᠮᠯᠡᠯ ᠵᠢᠴᠢ  ᠲᠠᠷᠢᠯᠭ᠎ᠠ ᠬᠢᠭᠰᠡᠨ ᠭᠡᠷᠡᠴᠢ ᠪᠠᠷᠢᠮᠲᠠ ᠪᠠᠨ ᠠᠪᠴᠤ ᠬᠦᠷᠦᠨ᠎ᠡ᠂ ᠠᠮᠠᠪᠴᠢ ᠵᠡᠬᠦᠬᠦ ᠶᠢᠨ ᠬᠠᠮᠳᠤ ᠨᠠᠷᠠ ᠪᠣᠷᠣᠭᠠᠨ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂  ᠠᠬᠤᠢ ᠲᠠᠯᠠᠪᠠᠶ ᠶᠢᠨ ᠡᠮᠬᠢ ᠳᠢᠭᠯᠢᠮ ᠢ ᠰᠠᠬᠢᠬᠤ ᠬᠡᠷᠡᠭᠲᠡᠶ᠃ ᠡᠨᠡ ᠤᠳᠠᠭᠠᠨ ᠤ ᠲᠠᠷᠢᠯᠭ᠎ᠠ ᠶᠢᠨ ᠡᠮ ᠤᠨ ᠲᠤᠭ᠎ᠠ ᠬᠡᠮᠵᠢᠶ᠎ᠡ ᠬᠦᠷᠦᠯᠴᠡᠭᠡᠳᠡᠢ ᠪᠠᠶᠢᠭ᠎ᠠ  ᠂  ᠴᠢᠮᠡᠭᠡ ᠶᠢ ᠬᠠᠷᠢᠯᠴᠠᠨ ᠳᠠᠮᠵᠢᠭᠤᠯᠵᠤ  ᠲᠠᠷᠢᠯᠭ᠎ᠠ ᠶᠢ ᠢᠳᠡᠪᠬᠢᠲᠡᠶ ᠬᠢᠯᠬᠡᠭᠡᠷᠡᠢ᠃      ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠲᠠᠰᠤ᠄ 0479-5230665      ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠤᠲᠠᠰᠤ᠄ 13947999675      ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479-5233919                                ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ    ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                              2021 ᠣᠨ ᠤ 7 ᠰᠠᠷ᠎ᠠ ᠶᠢᠨ 20 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号