ᠪᠦᠬᠦ ᠬᠤᠰᠢᠭᠤᠨ ᠤ ᠰᠤᠷᠤᠭᠴᠢᠳ ᠪᠣᠯᠤᠨ ᠭᠡᠷ ᠤᠨ ᠠᠬᠠᠮᠠᠳ ᠨᠠᠷ ᠲᠤ ᠦᠭᠬᠦ ᠵᠠᠬᠢᠶ᠎ᠠ
ᠨᠡᠶᠢᠲᠡᠯᠡᠭᠰᠡᠨ ᠴᠠᠭ᠄
2021/7/22
 ᠦᠷᠭᠡᠨ ᠤᠯᠠᠨ ᠰᠤᠷᠤᠭᠴᠢ ᠨᠥᠬᠦᠳ ᠪᠤᠯᠤᠨ ᠡᠷᠬᠢᠮ ᠬᠦᠨᠳᠦᠳᠦ ᠬᠡᠷ ᠤᠨ ᠠᠬᠠᠮᠠᠳ ᠨᠠᠷ ᠡ᠄       ᠰᠠᠶᠢᠨ ᠪᠠᠶᠢᠵᠠᠭᠠᠨ᠎ᠠ ᠤᠤ︖ ᠰᠠᠶᠢᠬᠠᠮ ᠵᠤᠨᠵᠢᠵᠤ ᠪᠠᠶᠢᠨ᠎ᠠ ᠤᠤ︖      ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠦᠷᠪᠢᠰᠦᠨ ᠳᠡᠯᠭᠡᠷᠡᠵᠦ᠂ ᠮᠠᠨ ᠤ ᠤᠯᠤᠰ ᠤᠨ ᠣᠨᠴᠠ ᠵᠠᠷᠢᠮ ᠭᠠᠵᠠᠷ ᠣᠷᠣᠨ ᠳᠤ  ᠪᠠᠰᠠ  ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠢᠯᠡᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠬᠦᠷᠭᠡ ᠬᠦᠨᠳᠦ ᠪᠠᠶᠢᠭ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠳᠡ ᠶᠢᠨ ᠲᠠᠷᠢᠯᠭ᠎ᠠ   ᠶᠢ ᠲᠠᠷᠢᠬᠤ ᠪᠣᠯ   ᠰᠡᠷᠭᠡᠶᠢᠯᠡᠯᠳᠡ ᠶᠢᠨ ᠬᠠᠯᠬᠠᠪᠴᠢ ᠶᠢ  ᠴᠤᠭᠴᠠᠯᠠᠵᠤ ᠬᠢᠵᠢᠭ   ᠤᠨ ᠬᠠᠯᠳᠠᠪᠤᠷᠢᠯᠠᠯ ᠢ ᠰᠡᠷᠭᠡᠶᠢᠯᠡᠬᠦ ᠴᠢᠬᠤᠯᠠ ᠠᠷᠭ᠎ᠠ ᠵᠠᠮ  ᠂  ᠮᠦᠨ ᠴᠤ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠬᠦᠷᠭᠡ ᠬᠠᠷᠢᠭᠤᠴᠠᠯᠭ᠎ᠠ ᠮᠥᠨ᠃  ᠡᠳᠦᠬᠡ ᠤᠯᠤᠰ ᠣᠷᠣᠨ ᠤ ᠪᠠᠶᠢᠷᠢᠯᠠᠭᠤᠯᠤᠯᠲᠠ ᠶᠤᠰᠤᠭᠠᠷ ᠮᠠᠨ ᠤ ᠬᠤᠰᠢᠭᠤ ᠨᠢ 15 — 17 ᠪᠦᠬᠦᠯᠢ ᠨᠠᠰᠤᠨ ᠤ ᠬᠥᠮᠦᠰ ᠲᠤ ᠲᠠᠷᠢᠯᠭ᠎ᠠ ᠬᠢᠬᠦ ᠪᠠᠷ ᠪᠤᠯᠤᠭᠠᠳ᠂ ᠪᠣᠳᠠᠲᠠᠶ ᠶᠠᠪᠤᠳᠠᠯ ᠢ ᠳᠣᠤᠷᠠᠬᠢ ᠮᠡᠲᠦ ᠪᠠᠶᠢᠷᠢᠯᠠᠭᠤᠯᠵᠠᠢ᠄      ᠨᠢᠭᠡ᠂  ᠲᠠᠷᠢᠯᠭ᠎ᠠ ᠶᠢᠨ ᠡᠮ ᠤᠨ ᠲᠥᠷᠥᠯ ᠵᠦᠶᠯ     ᠤᠯᠤᠰ ᠤᠨ ᠵᠥᠪᠰᠢᠶᠡᠷᠡᠯ ᠢᠶᠠᠷ᠂ ᠪᠡᠭᠡᠵᠢᠩ ᠤᠨ ᠠᠮᠢᠳᠤ ᠪᠣᠳᠠᠰ ᠤᠨ ᠪᠦᠲᠦᠭᠡᠭᠳᠡᠬᠦᠨ ᠰᠤᠳᠤᠯᠬᠤ ᠭᠠᠵᠠᠷ  ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠡᠭᠡᠵᠢᠩ ᠤᠨ ᠺᠧ ᠰᠢᠩ ᠵᠦᠩ ᠸᠧᠢ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠲᠠᠷᠢᠯᠭ᠎ᠠ ᠶᠢᠨ ᠡᠮ ᠢ 3 — 17 ᠨᠠᠰᠤᠲᠠᠢ ᠬᠥᠮᠦᠰ ᠲᠤ ᠳᠠᠷᠢᠵᠦ ᠪᠣᠯᠤᠨ᠎ᠠ᠃ ᠮᠠᠨ ᠤ ᠬᠤᠰᠢᠭᠤᠨ ᠤ ᠬᠢᠨ ᠳᠡᠭᠡᠷᠡᠬᠢ ᠬᠤᠶᠠᠷ ᠵᠦᠶᠯ ᠤᠨ  ᠡᠮ ᠢ ᠨᠢᠭᠡᠳᠦᠯᠲᠡᠶ ᠬᠡᠷᠡᠭᠯᠡᠵᠦ 15 - 17 ᠨᠠᠰᠤᠨ ᠤ ᠬᠥᠮᠦᠰ ᠲᠤ ᠲᠠᠷᠢᠯᠭ᠎ᠠ  ᠬᠢᠬᠦ ᠪᠠᠷ ᠪᠤᠢ᠂ ᠲᠠᠷᠢᠯᠭ᠎ᠠ ᠬᠢᠬᠦ ᠶᠠᠪᠤᠴᠠ ᠨᠢ ᠬᠤᠶᠠᠷ ᠤᠳᠠᠭ᠎ᠠ  ᠂ ᠬᠤᠶᠠᠷ ᠤᠳᠠᠭᠠᠨ ᠤ ᠠᠯᠤᠰᠯᠠᠬᠤ ᠴᠠᠭ   ᠨᠢ 21 ᠡᠳᠦᠷ᠃      ᠬᠤᠶᠠᠷ᠂ ᠲᠠᠷᠢᠯᠭ᠎ᠠ ᠬᠢᠬᠦ  ᠴᠠᠭ ᠪᠠ ᠭᠠᠵᠠᠷ     7 ᠰᠠᠷ᠎ᠠ ᠶᠢᠨ 21 ᠤ ᠡᠳᠦᠷ ᠠᠴᠠ ᠡᠬᠢᠯᠡᠨ ᠲᠠᠷᠢᠯᠭ᠎ᠠ ᠬᠢᠨ᠎ᠠ᠃ 7 ᠰᠠᠷ᠎ᠠ ᠶᠢᠨ  ᠡᠴᠦᠰ ᠠᠴᠠ ᠡᠮᠦᠨ᠎ᠡ ᠨᠢᠭᠡᠳᠦᠭᠡᠷ ᠲᠠᠷᠢᠯᠭ᠎ᠠ ᠶᠢ ᠬᠢᠵᠦ ᠲᠠᠭᠤᠰᠬᠠᠨ᠂  8 ᠰᠠᠷ᠎ᠠ ᠶᠢᠨ  ᠡᠴᠦᠰ ᠠᠴᠠ ᠡᠮᠦᠨ᠎ᠡ ᠬᠤᠶᠠᠳᠤᠭᠠᠷ ᠲᠠᠷᠢᠯᠭ᠎ᠠ ᠶᠢ ᠬᠢᠵᠦ ᠳᠠᠭᠤᠰᠬᠠᠨ᠎ᠠ᠃ ᠲᠠᠷᠢᠯᠭ᠎ᠠ ᠬᠢᠬᠦ ᠭᠠᠵᠠᠷ ᠨᠢ ᠬᠤᠰᠢᠭᠤ ᠡᠮᠨᠡᠯᠭᠡ ᠶᠢᠨ ᠬᠤᠷᠢᠶ᠎ᠠ᠃      ᠭᠤᠷᠪᠠ᠂ ᠠᠩᠬᠠᠷᠬᠤ ᠵᠦᠢᠯ     ᠮᠠᠨ ᠤ ᠬᠤᠰᠢᠭᠤᠨ ᠳᠠᠭᠠᠨ ᠰᠤᠷᠤᠯᠴᠠᠵᠤ ᠪᠠᠶᠢᠭ᠎ᠠ ᠰᠤᠷᠤᠭᠴᠢᠳ ᠤᠨ ᠲᠠᠷᠢᠯᠭ᠎ᠠ ᠶᠢ ᠰᠤᠷᠭᠠᠨ ᠬᠥᠮᠦᠵᠢᠯ  ᠤᠨ ᠰᠠᠯᠠᠭ᠎ᠠ ᠮᠥᠴᠢᠷ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ᠂ ᠬᠤᠰᠢᠭᠤᠨ ᠤ ᠡᠮᠨᠡᠯᠭᠡ ᠶᠢᠨ ᠬᠤᠷᠢᠶᠠᠨ ᠳᠤ ᠲᠠᠷᠢᠯᠭ᠎ᠠ ᠬᠢᠯᠬᠡᠨ᠎ᠡ᠂ ᠲᠠᠷᠢᠯᠭ᠎ᠠ ᠬᠢᠬᠦ  ᠦᠶᠡᠰ ᠰᠤᠷᠭᠠᠭᠤᠯᠢ ᠶᠢᠨ ᠠᠵᠢᠯᠲᠠᠨ ᠪᠤᠶᠤ ᠭᠡᠷ ᠤᠨ ᠠᠬᠠᠮᠠᠳ ᠨᠢ ᠪᠠᠷ᠎ᠠ ᠪᠣᠯᠵᠣ᠂   ᠭᠠᠷ ᠤᠨ ᠥᠰᠥᠭ ᠵᠢᠷᠤᠭᠰᠠᠨ ᠵᠥᠪᠰᠢᠶᠡᠷᠡᠯ ᠤᠨ ᠪᠢᠴᠢᠭ ᠢ ᠬᠠᠩᠭᠠᠬᠤ ᠬᠡᠷᠡᠭᠲᠡᠶ᠃  ᠬᠤᠰᠢᠭᠤᠨ  ᠠᠴᠠ ᠭᠠᠳᠠᠨ᠎ᠠ  ᠰᠤᠷᠤᠯᠴᠠᠵᠤ ᠪᠠᠶᠢᠭ᠎ᠠ ᠰᠣᠷᠣᠭᠴᠢ ᠳᠤ ᠭᠡᠷ ᠤᠨ ᠠᠬᠠᠮᠠᠳ ᠨᠢ ᠪᠠᠷ᠎ᠠ ᠪᠣᠯᠵᠣ᠂  ᠮᠦᠨ ᠬᠦ᠋ ᠭᠠᠷ  ᠤᠨ ᠥᠰᠥᠭ ᠵᠢᠷᠤᠭᠰᠠᠨ ᠵᠥᠪᠰᠢᠶᠡᠷᠡᠯ ᠤᠨ ᠪᠢᠴᠢᠭ ᠢ ᠬᠠᠩᠭᠠᠬᠤ ᠬᠡᠷᠡᠭᠲᠡᠶ᠃  ᠬᠡᠷᠪᠡ ᠰᠡᠷᠭᠡᠶᠢᠯᠡᠬᠦ ᠲᠠᠷᠢᠯᠭ᠎ᠠ ᠶᠢᠨ ᠦᠨᠡᠮᠯᠡᠯ ᠲᠠᠢ ᠪᠣᠯ ᠲᠠᠷᠢᠯᠭ᠎ᠠ ᠲᠠᠷᠢᠬᠤ ᠦᠶᠡᠰ ᠲᠠᠷᠢᠯᠭ᠎ᠠ ᠶᠢᠨ ᠮᠡᠳᠡᠭᠡ ᠵᠠᠩᠭᠢ ᠶᠢ ᠦᠨᠡᠮᠯᠡᠯ ᠳᠡᠭᠡᠷ᠎ᠡ ᠨᠠᠷᠢᠨ ᠲᠡᠮᠳᠡᠭᠯᠡᠬᠦ ᠬᠡᠷᠡᠭᠲᠡᠶ᠃ ᠲᠠᠷᠢᠯᠭ᠎ᠠ ᠬᠢᠭᠰᠡᠨ ᠤ ᠳᠠᠷᠠᠭ᠎ᠠ ᠡᠷᠬᠡᠪᠰᠢ ᠲᠤᠬᠠᠶ ᠶᠢᠨ ᠲᠠᠯᠠᠪᠠᠶ ᠳᠤ 30 ᠮᠢᠨᠦ᠋ᠲ ᠦᠯᠡᠳᠡᠭᠡᠨ  ᠠᠵᠢᠭᠯᠠᠨ᠎ᠠ  ᠂ ᠬᠡᠷᠪᠡ ᠡᠪ ᠥᠬᠡᠶ ᠪᠠᠶᠢᠳᠠᠯ ᠭᠠᠷᠪᠠᠯ ᠡᠮᠨᠡᠯᠭᠡ ᠶᠢᠨ ᠠᠵᠢᠯᠲᠠᠨ ᠲᠠᠢ ᠴᠠᠭ ᠲᠤᠬᠠᠶ  ᠳᠤᠨᠢ ᠬᠠᠷᠢᠯᠴᠠᠵᠤ ᠰᠢᠢᠳᠪᠦᠷᠢᠯᠡᠨ᠎ᠡ᠂ ᠬᠡᠷ ᠲᠡᠭᠡᠨ ᠬᠠᠷᠢᠭᠰᠠᠨ ᠤ ᠳᠠᠷᠠᠭ᠎ᠠ ᠡᠪ ᠥᠬᠡᠶ ᠪᠠᠶᠢᠳᠠᠯ ᠭᠠᠷᠪᠠᠯ᠂  ᠲᠠᠷᠤᠶᠢᠬᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠯᠦᠭᠡ ᠬᠠᠷᠢᠴᠠᠬᠤ ᠭᠡᠷᠡᠭᠳᠡᠢ᠂  ᠬᠠᠷᠢᠯᠴᠠᠬᠤ ᠤᠲᠠᠰᠤ᠄ 0479-5233919᠃      ᠦᠷᠭᠡᠨ ᠤᠯᠠᠨ ᠰᠤᠷᠤᠭᠴᠢ ᠨᠥᠬᠦᠳ ᠪᠤᠯᠤᠨ ᠡᠷᠬᠢᠮ ᠬᠦᠨᠳᠦᠳᠦ ᠬᠡᠷ ᠤᠨ ᠠᠬᠠᠮᠠᠳ ᠨᠠᠷ ᠡ᠂ 2021 ᠣᠨ ᠤ 6 ᠰᠠᠷ᠎ᠠ ᠶᠢᠨ 11 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪᠡᠳᠴᠢᠨ ᠬᠢᠵᠢᠭ  ᠰᠡᠷᠭᠡᠶᠢᠯᠡᠨ ᠡᠵᠡᠮᠳᠡᠬᠦ ᠲᠥᠪ ᠤᠨ ᠰᠤᠳᠤᠯᠤᠭᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ  ᠪᠡᠷᠭᠡ ᠶᠢ ᠰᠢᠢᠳᠪᠦᠷᠢᠯᠡᠬᠦ ᠳᠤᠭᠤᠶᠢᠯᠠᠩ ᠤᠨ ᠸᠠᠺᠼᠢᠨ ᠰᠤᠳᠤᠯᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠭᠡᠰᠢᠬᠦᠨ ᠱᠣᠤ ᠢ ᠮᠢᠩ ᠲᠠᠨᠢᠯᠴᠠᠭᠤᠯᠬᠤ ᠳᠠᠭᠠᠨ᠂ ᠡᠮᠴᠢᠯᠡᠭᠡᠨ ᠤ ᠲᠤᠭ᠎ᠠ ᠪᠠᠷᠢᠮᠲᠠ ᠪᠠᠷ ᠲᠠᠮᠵᠢᠭᠠᠳ 3 - 17 ᠨᠠᠰᠤᠨ ᠤ ᠬᠥᠮᠦᠰ ᠲᠤ ᠡᠨᠡᠬᠦ ᠲᠠᠷᠢᠯᠭ᠎ᠠ ᠶᠢᠨ ᠡᠮ ᠢ ᠬᠡᠷᠡᠭᠯᠡᠬᠦ ᠨᠢ ᠠᠮᠤᠷ ᠲᠦᠪᠰᠢᠨ ᠪᠦᠬᠡᠳ ᠦᠷ᠎ᠡ ᠪᠦᠳᠦᠮᠵᠢᠳᠡᠢ ᠭᠡᠳᠡᠭ ᠢ ᠭᠦᠶᠴᠡᠳ  ᠭᠡᠷᠡᠴᠢᠯᠡᠵᠡᠢ᠃ ᠬᠡᠦᠬᠡᠳ ᠤᠨ ᠡᠷᠡᠭᠦᠯ ᠮᠡᠨᠳᠦ ᠪᠣᠯ ᠪᠢᠳᠡᠨ ᠤ ᠬᠠᠮᠤᠭ ᠤᠨ ᠶᠡᠭᠡ ᠬᠦᠰᠡᠯ ᠡᠷᠡᠮᠡᠯᠵᠡᠯ ᠮᠥᠨ᠃ ᠪᠢᠳᠡ ᠭᠠᠷ  ᠭᠠᠷ ᠢᠶᠠᠨ ᠬᠦᠳᠦᠯᠦᠯᠴᠡᠨ᠂ ᠬᠠᠮᠤᠭ ᠤᠨ ᠲᠦᠷᠭᠡᠨ ᠬᠤᠷᠳᠤ᠂ ᠬᠠᠮᠤᠭ ᠤᠨ ᠴᠢᠩᠭ᠎ᠠ ᠠᠷᠭ᠎ᠠ᠂ ᠬᠠᠮᠤᠭ ᠤᠨ ᠬᠠᠯᠠᠭᠤᠨ ᠵᠤᠷᠢᠭ ᠢᠶᠠᠷ  ᠰᠡᠷᠭᠡᠶᠢᠯᠡᠯᠳᠡ ᠶᠢᠨ ᠲᠠᠷᠢᠯᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ  ᠰᠠᠶᠢᠨ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ  ᠤ  ᠬᠠᠯᠬᠠᠪᠴᠢ ᠶᠢ ᠪᠠᠲᠤ ᠴᠣᠭᠴᠠᠯᠠᠰᠤᠭᠠᠢ᠃     ᠬᠡᠦᠬᠡᠳ ᠤᠳ ᠤᠨ ᠢᠶᠠᠨ ᠡᠷᠡᠭᠦᠯ ᠴᠢᠭᠢᠷᠠᠭ᠂ ᠪᠠᠶᠠᠷ ᠬᠥᠷ ᠲᠠᠢ  ᠂ ᠤᠳᠬ᠎ᠠ ᠠᠭᠤᠯᠭ᠎ᠠ ᠲᠠᠢ ᠪᠠᠷ ᠠᠮᠠᠷᠠᠯᠲᠠ  ᠪᠠᠨ ᠥᠩᠭᠡᠷᠡᠭᠦᠯᠬᠦ ᠶᠢ ᠬᠦᠰᠡᠵᠦ ᠪᠠᠶᠢᠨ᠎ᠠ︕                                                                         ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                     2021 ᠣᠨ ᠤ 7 ᠰᠠᠷ᠎ᠠ ᠶᠢᠨ 21 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号