ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ︵45 ᠲᠤᠭᠠᠳᠤ︶
ᠨᠡᠶᠢᠲᠡᠯᠡᠭᠰᠡᠨ ᠴᠠᠭ᠄
2021/7/22
 7 ᠰᠠᠷ᠎ᠠ ᠶᠢᠨ 4 ᠤ ᠡᠳᠦᠷ ᠠᠴᠠ ᠨᠠᠰᠢ᠂ ᠶᠦᠨᠨᠠᠨ ᠮᠤᠵᠢ ᠳᠤ ᠲᠤᠬᠠᠶ ᠶᠢᠨ ᠭᠠᠵᠠᠷ ᠤᠨ ᠡᠪᠡᠳᠴᠢᠨ ᠤ ᠵᠢᠱᠢᠶ᠎ᠡ  84 ( ᠳᠤᠮᠳᠠᠳᠤ ᠤᠯᠤᠰ ᠤᠨ ᠬᠠᠷᠢᠶ᠎ᠠ ᠲᠠᠢ 38᠂ ᠪᠢᠷᠮᠠ ᠤᠯᠤᠰ ᠤᠨ ᠬᠠᠷᠢᠶ᠎ᠠ ᠲᠠᠢ 46 )  ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 2 ( ᠴᠥᠮ ᠪᠢᠷᠮᠠ ᠤᠯᠤᠰ ᠤᠨ ᠬᠠᠷᠢᠶ᠎ᠠ ᠲᠠᠢ ) ᠪᠠᠶᠢᠭ᠎ᠠ ᠶᠢ ᠨᠡᠶᠢᠳᠡᠯᠡᠪᠡ᠃ 7 ᠰᠠᠷ᠎ᠠ ᠶᠢᠨ 20 ᠤ ᠡᠳᠦᠷ᠂ ᠵᠢᠶᠠᠩᠰᠦ ᠮᠤᠵᠢ ᠳᠤ ᠲᠤᠬᠠᠶ ᠶᠢᠨ ᠭᠠᠵᠠᠷ ᠤᠨ ᠡᠪᠡᠳᠴᠢᠨ ᠤ ᠵᠢᠱᠢᠶ᠎ᠡ 7 ᠨᠡᠮᠡᠭᠳᠡᠵᠦ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 2  ᠪᠠᠶᠢᠭᠰᠠᠨ ᠢᠶᠠᠨ᠂  7 ᠰᠠᠷ᠎ᠠ ᠶᠢᠨ 21 ᠤ ᠡᠳᠦᠷ ᠵᠢᠶᠠᠩᠰᠦ ᠮᠤᠵᠢ ᠶᠢᠨ ᠨᠠᠨᠵᠢᠩ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ  ᠬᠢᠵᠢᠭ ᠤᠨ ᠪᠠᠶᠢᠳᠠᠯ ᠤᠨ ᠠᠯᠪᠠᠨ ᠵᠠᠷᠯᠠᠯ ᠨᠡᠶᠢᠲᠡᠯᠡᠵᠦ᠂  7 ᠰᠠᠷ᠎ᠠ ᠶᠢᠨ 21 ᠤ ᠡᠳᠦᠷ ᠠᠴᠠ ᠡᠬᠢᠯᠡᠨ ᠨᠠᠨᠵᠢᠩ ᠬᠤᠲᠠ ᠶᠢᠨ ᠵᠢᠶᠠᠩ ᠨᠢᠩ ᠲᠣᠭᠤᠷᠢᠭ ᠤᠨ ᠯᠦ ᠺᠸᠦ ᠵᠡᠭᠡᠯᠢ ᠭᠤᠳᠤᠮᠵᠢ ᠶᠢᠨ ᠰᠢᠶᠧ ᠼᠦᠨ ᠨᠡᠶᠢᠭᠡᠮ ᠲᠣᠭᠤᠷᠢᠭ᠂ ᠪᠠᠶ ᠶᠦᠨ ᠯᠤ᠋ ᠨᠡᠶᠢᠭᠡᠮ ᠲᠣᠭᠤᠷᠢᠭ᠂ ᠱᠢ ᠲᠢᠩ ᠲᠣᠰᠬᠤᠨ᠂ ᠯᠢ ᠱᠦᠶ ᠲᠣᠭᠤᠷᠢᠭ ᠤᠨ ᠱᠢ ᠴᠢᠶᠣᠤ ᠵᠡᠭᠡᠯᠢ ᠭᠤᠳᠤᠮᠵᠢ ᠶᠢᠨ ᠵᠢᠦ ᠲᠠᠩ ᠲᠣᠰᠬᠤᠨ ᠢ ᠳᠤᠮᠳᠠ ᠵᠡᠷᠭᠡ ᠶᠢᠨ ᠲᠦᠭᠰᠢᠬᠦᠷᠢᠳᠦ ᠤᠷᠤᠨ ᠪᠣᠯᠭᠠᠨ  ᠲᠤᠬᠢᠷᠠᠭᠤᠯᠵᠠᠢ᠃ ᠬᠢᠵᠢᠭ ᠤᠨ ᠪᠠᠶᠢᠳᠠᠯ ᠮᠤᠵᠢ ᠠᠯᠤᠰᠯᠠᠨ ᠬᠠᠯᠳᠠᠪᠤᠷᠢᠯᠠᠬᠤ ᠠᠶᠤᠯ ᠲᠠᠢ ᠪᠠᠶᠢᠵᠤ ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠠᠶᠢᠭ᠎ᠠ ᠪᠤᠯᠬᠤᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠤᠯᠠᠮ  ᠰᠠᠶᠢᠨ ᠬᠢᠬᠦ ᠶᠢᠨ ᠲᠥᠯᠥᠭᠡ᠂ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ  ᠵᠠᠷᠯᠠᠨ ᠮᠡᠳᠡᠭᠳᠡᠵᠦ ᠪᠠᠶᠢᠨᠠᠮ  ᠄     ᠨᠢᠭᠡ᠂  ᠤᠶᠢᠷ᠎ᠠ ᠶᠢᠨ 14 ᠡᠳᠦᠷ ᠤᠨ ᠳᠣᠲᠣᠷ᠎ᠠ᠂ ᠳᠤᠮᠳᠠ ᠥᠨᠳᠥᠷ  ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ  ᠢᠷᠡᠭᠰᠡᠨ ᠬᠥᠮᠦᠰ 《 7 ᠡᠳᠦᠷ ᠤᠨ ᠳᠣᠲᠣᠷᠠᠬᠢ ᠪᠥᠭᠡᠮ ᠬᠦᠴᠢᠯ ᠤᠨ  ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ + 14 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ  ᠶᠢᠨ ᠬᠢᠨᠠᠨ ᠬᠡᠮᠵᠢᠯᠲᠡ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ (  7 ᠡᠳᠦᠷ ᠪᠠ 14 ᠡᠳᠦᠷ ᠲᠤ  ᠲᠤᠰᠪᠤᠷᠢ‌‍ᠪᠠᠶᠢᠴᠠᠭᠠᠨ ᠬᠡᠮᠵᠢᠯᠲᠡ ᠬᠢᠨ᠎ᠠ ) 》 ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ᠃  ᠬᠡᠷᠪᠡ 7 ᠡᠳᠦᠷ ᠤᠨ ᠳᠣᠲᠣᠷᠠᠬᠢ ᠪᠥᠭᠡᠮ ᠬᠦᠴᠢᠯ ᠤᠨ  ᠪᠠᠶᠢᠴᠠᠭᠠᠯᠳᠠ ᠶᠢᠨ ᠪᠢᠯᠢᠭ ᠴᠢᠨᠠᠷ  ᠤᠨ ᠭᠡᠷᠡᠴᠢ ᠶᠢ ᠬᠠᠩᠭᠠᠵᠤ ᠳᠡᠶᠢᠯᠬᠦ ᠥᠬᠡᠶ ᠪᠣᠯ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ 24 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠳᠠ ᠬᠢᠯᠬᠡᠵᠦ᠂ ᠦᠷ᠎ᠡ ᠳ᠋ᠦᠩ ᠨᠢ  ᠪᠢᠯᠢᠭ ᠴᠢᠨᠠᠷᠲᠠᠶ  ᠪᠤᠯ 14 ᠡᠳᠦᠷ ᠬᠡᠷ ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ᠃ 7 ᠰᠠᠷ᠎ᠠ ᠶᠢᠨ 6 ᠤ ᠡᠳᠦᠷ ᠠᠴᠠ ᠨᠠᠰᠢ᠂ ᠨᠠᠨᠵᠢᠩ  ᠤᠨ ᠯᠦᠺᠸᠤ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠪᠠᠶᠢᠭ᠎ᠠ ᠭᠠᠴᠠᠭ᠎ᠠ ᠲᠣᠰᠬᠤᠨ ( ᠨᠡᠶᠢᠭᠡᠮ ᠲᠣᠭᠤᠷᠢᠭ ) ᠪᠤᠶᠤ  ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠵᠤ᠂ ᠪᠥᠭᠡᠮ ᠬᠦᠴᠢᠯ ᠤᠨ ᠪᠠᠶᠢᠴᠠᠭᠠᠯᠳᠠ ᠶᠢ ᠤᠬᠠᠮᠰᠠᠷ ᠠᠴᠠ ᠪᠠᠨ ᠬᠢᠬᠦ ᠶᠢᠨ ᠬᠠᠮᠲᠤ ᠡᠷᠡᠭᠦᠯ ᠮᠡᠨᠳᠦ  ᠶᠢᠨ ᠬᠢᠨᠠᠨ ᠬᠡᠮᠵᠢᠯᠲᠡ ᠶᠢ 14 ᠡᠳᠦᠷ ᠰᠠᠶᠢᠲᠤᠷ ᠬᠠᠮᠵᠢᠯᠴᠠᠨ ᠬᠢᠬᠦ ᠭᠡᠷᠡᠭᠳᠡᠢ᠃      ᠬᠤᠶᠠᠷ᠂ ᠣᠶᠢᠷ᠎ᠠ ᠶᠢᠨ 14 ᠡᠳᠦᠷ ᠤᠨ ᠳᠣᠲᠣᠷ᠎ᠠ᠂ ᠶᠦᠨᠨᠠᠨ ᠮᠤᠵᠢ ᠶᠢᠨ ᠷᠦᠢ ᠯᠢ ᠬᠤᠲᠠ᠂ ᠯᠦᠩ ᠴᠤᠸᠠᠨ ᠰᠢᠶᠠᠨ᠂ ᠵᠢᠶᠠᠩᠰᠦ ᠮᠤᠵᠢ ᠶᠢᠨ ᠨᠠᠨᠵᠢᠩ ᠬᠤᠲᠠ ᠶᠢᠨ ᠲᠦᠭᠰᠢᠭᠦᠷᠢ ᠪᠠᠭᠠᠲᠠᠶ ᠭᠠᠵᠠᠷ ᠣᠷᠣᠨ ᠢᠶᠠᠷ ᠵᠢᠭᠤᠯᠴᠢᠯᠠᠭᠰᠠᠨ ᠲᠡᠦᠬᠡ ᠲᠠᠢ ᠮᠠᠨ ᠤ ᠬᠤᠰᠢᠭᠤᠨ ᠳᠤ ᠢᠷᠡᠭᠰᠡᠨ ᠬᠥᠮᠦᠰ ᠡᠷᠡᠭᠦᠯ ᠮᠡᠨᠳᠦ ᠶᠢᠨ ᠺᠣᠳ᠋ ᠤᠨ 《 ᠨᠣᠭᠤᠭᠠᠨ ᠺᠣᠳ᠋ 》 ᠲᠠᠢ ᠪᠠᠶᠢᠬᠤ ᠶᠢᠨ ᠬᠠᠮᠳᠤ  ᠂ ᠪᠠᠶᠢᠭ᠎ᠠ ᠭᠠᠴᠠᠭ᠎ᠠ ᠲᠣᠰᠬᠤᠨ ( ᠨᠡᠶᠢᠭᠡᠮ ᠲᠣᠭᠤᠷᠢᠭ )  ᠳᠠᠭᠠᠨ  ᠤᠬᠠᠮᠰᠠᠷ ᠠᠴᠠ ᠪᠠᠨ ᠮᠡᠳᠡᠬᠦᠯᠦᠨ᠂  14 ᠡᠳᠦᠷ ᠤᠨ ᠬᠢᠨᠠᠨ ᠬᠡᠮᠵᠢᠯᠲᠡ ᠶᠢᠨ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠵᠤ᠂ ᠪᠡᠶ᠎ᠡ ᠶᠢᠨ ᠬᠠᠯᠠᠭᠤᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ  ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃ ᠬᠡᠷᠪᠡ ᠬᠠᠯᠠᠭᠤᠷᠠᠬᠤ᠂ ᠬᠤᠭᠤᠯᠠᠶ ᠡᠪᠡᠳᠬᠦ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠪᠠᠯ᠂ ᠳᠠᠷᠤᠶ ᠲᠦᠷᠭᠡᠨ ᠣᠶᠢᠷ᠎ᠠ ᠬᠠᠪᠢ   ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠷᠡᠭᠦᠯ ᠮᠡᠨᠳᠦ ᠶᠢᠨ ᠪᠠᠶᠢᠴᠠᠭᠠᠯᠲᠠ ᠬᠢᠯᠭᠡᠬᠦ ᠬᠡᠷᠡᠭᠲᠡᠶ᠃      ᠭᠤᠷᠪᠠ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ   ᠨᠢ《 ᠬᠠᠷᠠᠭᠤᠯ ᠤᠨ ᠴᠡᠭ 》 ᠤᠨ ᠦᠶᠯᠡᠳᠦᠯ ᠢᠶᠠᠨ ᠪᠠᠳᠠᠷᠠᠭᠤᠯᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠤᠨ ᠪᠠᠶᠢᠷᠢ᠂ ᠭᠤᠤᠯᠳᠠᠯᠭ᠎ᠠ ᠲᠠᠢ  ᠭᠤᠭᠴᠤᠭᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠨᠠᠷᠢᠯᠢᠬᠵᠢᠭᠤᠯᠤᠨ᠂ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠲᠦᠷᠢᠮ ᠪᠠ ᠡᠪᠡᠳᠴᠢᠨ ᠤ ᠢᠯᠡᠷᠡᠯ  ᠲᠠᠢ ᠬᠥᠮᠦᠰ ᠤᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂  ᠡᠭᠦᠳᠡᠨ ᠡᠮᠨᠡᠯᠭᠡ ᠶᠢᠨ ᠪᠥᠭᠡᠮ ᠬᠦᠴᠢᠯ  ᠤᠨ ᠪᠠᠶᠢᠴᠠᠭᠠᠯᠳᠠ ᠪᠠ ᠠᠵᠢᠭᠯᠠᠯᠳᠠ ᠬᠢᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠮᠴᠢᠯᠡᠭᠡᠨ  ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠪᠠ ᠣᠨᠣᠰᠢᠯᠠᠨ ᠡᠮᠨᠡᠬᠦ ᠶᠠᠪᠤᠴᠠ  ᠶᠢ  ᠲᠦᠷᠢᠮᠵᠢᠬᠦᠯᠦᠨ᠂ ᠡᠮᠨᠡᠯᠭᠡ ᠶᠢᠨ ᠠᠵᠢᠯᠲᠠᠨ ᠪᠣᠯᠤᠨ ᠡᠮᠨᠡᠯᠭᠡ ᠳᠤ ᠢᠷᠡᠭᠰᠡᠨ ᠪᠣᠶ ᠪᠥᠬᠦᠶ ᠬᠥᠮᠦᠰ ᠤᠨ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠦᠨᠡᠨ ᠬᠦ ᠰᠠᠶᠢᠲᠤᠷ ᠬᠢᠵᠦ᠂ ᠣᠷᠴᠢᠨ ᠲᠣᠭᠤᠷᠢᠨ ᠤ ᠰᠠᠯᠬᠢ ᠨᠡᠪᠲᠡᠷᠡᠭᠦᠯᠬᠦ ᠪᠠ ᠠᠷᠢᠭᠤᠳᠬᠠᠬᠤ ᠠᠵᠢᠯ ᠢ ᠰᠠᠶᠢᠨ ᠬᠢᠵᠦ᠂ ᠬᠠᠷᠠᠵᠤ ᠰᠤᠪᠢᠯᠠᠬᠤ ᠬᠠᠮᠢᠶᠠᠷᠤᠯᠲᠠ ᠶᠢ ᠴᠢᠩᠭᠠᠳᠬᠠᠨ ᠂  ᠡᠪᠡᠳᠴᠢᠨ ᠬᠢᠵᠢᠭ ᠡᠮᠴᠢᠯᠡᠭᠡᠨ ᠤ ᠪᠠᠶᠢᠭᠤᠯᠤᠮᠵᠢ ᠳᠤ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃     ᠳᠥᠷᠪᠡ᠂ ᠳᠡᠯᠭᠡᠭᠦᠷ ᠬᠤᠳᠠᠯᠳᠤᠭ᠎ᠠ᠂  ᠬᠤᠭᠤᠯᠠᠨ ᠭᠡᠷ᠂ ᠵᠣᠴᠢᠳ ᠤᠨ ᠪᠠᠭᠤᠳᠠᠯ᠂ ᠺᠢᠨᠣ᠋ ᠶᠢᠨ ᠣᠷᠳᠣᠨ ᠵᠡᠷᠭᠡ ᠭᠤᠤᠯᠳᠠᠯᠭ᠎ᠠ ᠲᠠᠢ ᠲᠠᠯᠠᠪᠤᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠶᠴᠡᠳᠬᠡᠵᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠰᠢᠯᠭᠠᠬᠤ᠂ ᠠᠷᠢᠭᠤᠳᠬᠠᠵᠤ ᠰᠠᠯᠬᠢ ᠨᠡᠪᠲᠡᠷᠡᠭᠦᠯᠬᠦ᠂ ᠬᠤᠪᠢ ᠬᠥᠮᠦᠨ ᠤ  ᠰᠡᠷᠭᠡᠶᠢᠯᠡᠨ ᠬᠠᠮᠠᠭᠠᠯᠠᠯᠳᠠ ᠵᠡᠷᠭᠡ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠭᠡᠷᠡᠭᠵᠢᠬᠦᠯᠦᠨ᠂ ᠬᠢᠵᠢᠭ ᠤᠨ ᠪᠠᠶᠢᠳᠠᠯ ᠣᠷᠣᠵᠤ ᠢᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃     ᠲᠠᠪᠤ᠂ ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠵᠠᠭᠤᠴᠢᠯᠠᠭᠤᠷ ᠤᠨ ᠨᠡᠶᠢᠲᠡᠯᠡᠭᠰᠡᠨ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠬᠠᠨᠳᠤᠰᠢ ᠬᠤᠪᠢᠷᠠᠯᠲᠠ ᠶᠢ  ᠢᠮᠠᠭᠳᠠ ᠠᠩᠬᠠᠷᠴᠤ᠂ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠪᠤᠯᠬᠤ ᠶᠢᠨ ᠲᠤᠳᠤᠷ᠎ᠠ ᠣᠴᠢᠬᠤ ᠥᠬᠡᠶ ᠪᠤᠯ ᠰᠠᠶᠢᠨ᠃  ᠡᠷᠭᠡᠪᠰᠢ ᠣᠴᠢᠬᠤ ᠴᠢᠬᠤᠯᠠᠲᠠᠶ ᠪᠣᠯ ᠰᠠᠭᠤᠭ᠎ᠠ ᠭᠠᠵᠠᠷ ᠤᠨ ᠢᠶᠠᠨ ᠭᠠᠴᠠᠭ᠎ᠠ ᠲᠣᠰᠬᠤᠨ ( ᠨᠡᠶᠢᠭᠡᠮ ᠲᠣᠭᠤᠷᠢᠭ )᠂  ᠪᠠᠶᠢᠭᠤᠯᠭ᠎ᠠ ᠨᠢᠭᠡᠴᠡ ᠳᠤ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠰᠡᠷᠭᠡᠶᠢᠯᠡᠯᠳᠡ ᠬᠠᠮᠠᠭᠠᠯᠠᠯᠳᠠ ᠶᠢ  ᠰᠠᠶᠢᠨ ᠬᠢᠵᠦ᠂  ᠵᠠᠮ ᠮᠦᠷ ᠤᠨ ᠮᠡᠳᠡᠭᠡ ᠵᠠᠩᠭᠢ ᠪᠠᠨ ᠴᠠᠭ ᠴᠠᠭ ᠲᠤᠨᠢ  ᠲᠡᠮᠳᠡᠭᠯᠡᠬᠦ ᠬᠡᠷᠡᠭᠲᠡᠶ᠃ ᠪᠤᠴᠠᠵᠤ ᠢᠷᠡᠬᠦ ᠠᠴᠠ ᠪᠠᠨ ᠡᠮᠦᠨ᠎ᠡ᠂ ᠡᠷᠬᠡᠪᠰᠢ ᠭᠠᠴᠠᠭ᠎ᠠ ᠲᠣᠰᠬᠤᠨ ( ᠨᠡᠶᠢᠭᠡᠮ ᠲᠣᠭᠤᠷᠢᠭ )᠂  ᠪᠠᠶᠢᠭᠤᠯᠭ᠎ᠠ ᠨᠢᠭᠡᠴᠡ ᠳᠡᠭᠡᠨ ᠤᠬᠠᠮᠰᠠᠷ ᠠᠴᠠ ᠪᠠᠨ ᠮᠡᠳᠡᠭᠦᠯᠬᠦ  ᠪᠦᠬᠡᠳ ᠢᠷᠡᠭᠰᠡᠨ ᠤ ᠳᠠᠷᠠᠭ᠎ᠠ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃    ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ  ᠰᠡᠷᠭᠡᠶᠢᠯᠡᠯᠳᠡ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠵᠤ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ   ᠢ ᠪᠠᠷᠢᠮᠳᠠᠯᠠᠨ᠂  ᠰᠢᠨᠵᠢᠯᠡᠬᠦ ᠤᠬᠠᠭᠠᠨᠴᠢ ᠪᠠᠷ ᠠᠮᠠᠪᠴᠢ  ᠵᠡᠬᠦᠵᠦ᠂ ᠭᠠᠷ ᠢᠶᠠᠨ ᠦᠷᠭᠦᠯᠵᠢ  ᠤᠬᠢᠶᠠᠨ᠂  ᠪᠠᠶᠢᠩᠭᠤ ᠰᠠᠯᠬᠢ ᠨᠡᠪᠲᠡᠷᠡᠭᠦᠯᠵᠤ᠂  ᠨᠡᠶᠢᠭᠡᠮ ᠤᠨ ᠬᠠᠷᠢᠯᠴᠠᠭᠠᠨ ᠤ ᠠᠶᠤᠯᠬᠦᠢ ᠵᠠᠶ ᠶᠢ ᠪᠠᠳᠤᠯᠠᠨ᠂ ᠲᠡᠯᠡᠶ ᠶᠢᠨ ᠢᠳᠡᠭᠡᠨ ᠢ ᠲᠦᠭᠦᠬᠡᠶ  ᠪᠠᠷ ᠢᠳᠡᠬᠦ   ᠶᠢ ᠴᠡᠭᠡᠷᠯᠡᠵᠦ᠂ ᠠᠷᠢᠭᠤᠳᠬᠠᠯ  ᠴᠡᠪᠡᠷᠯᠡᠭᠡ ᠶᠢ ᠰᠠᠶᠢᠲᠤᠷ ᠬᠢᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠲᠡᠭᠡᠭᠰᠢᠯᠡᠬᠦᠯᠦᠨ᠂  ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠣᠶᠢᠯᠠᠭᠠᠭᠳᠠᠬᠤᠨ ᠢ ᠴᠢᠩᠭᠠᠳᠬᠠᠬᠤ ᠬᠡᠷᠡᠭᠲᠡᠶ᠃ ᠪᠡᠶ᠎ᠡ ᠶᠢᠨ ᠪᠠᠶᠢᠳᠠᠯ ᠨᠢ ᠰᠡᠷᠭᠡᠶᠢᠯᠡᠯᠳᠡ  ᠶᠢᠨ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠰᠠᠭᠤᠭᠠᠯᠢ ᠠᠷᠠᠳ ᠨᠢᠬᠡᠪᠦᠷᠢ ᠰᠡᠷᠭᠡᠶᠢᠯᠡᠯᠳᠡ ᠶᠢᠨ ᠲᠠᠷᠢᠯᠭ᠎ᠠ   ᠶᠢ ᠲᠠᠷᠤᠶᠢᠬᠠᠨ ᠲᠠᠷᠢᠬᠤ ᠭᠡᠷᠡᠭᠳᠡᠢ᠃ ᠨᠢᠭᠡᠳᠦᠭᠡᠷ ᠲᠠᠷᠢᠯᠭ᠎ᠠ   ᠪᠠᠨ ᠬᠢᠯᠬᠡᠬᠡᠳ ᠪᠦᠬᠦᠯᠢ 21 ᠡᠳᠦᠷ ᠪᠣᠯᠤᠭᠰᠠᠨ ᠬᠥᠮᠦᠰ (  ᠤᠳᠤ ᠶᠢᠨ ᠲᠠᠷᠢᠯᠭ᠎ᠠ ᠨᠢ ᠪᠦᠬᠦᠯᠢ 28 ᠡᠳᠦᠷ  )  ᠳᠠᠷᠤᠶ ᠲᠦᠷᠭᠡᠨ ᠬᠤᠶᠠᠳᠤᠭᠠᠷ  ᠲᠠᠷᠢᠯᠭ᠎ᠠ ᠪᠠᠨ ᠲᠠᠷᠢᠭᠤᠯᠬᠤ ᠭᠡᠷᠡᠭᠳᠡᠢ᠃     ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠲᠠᠰᠤ᠄ 0479-5230665     ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675     ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 0479-5233919                                                                          ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ             ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                                                                   2021 ᠣᠨ ᠤ 7 ᠰᠠᠷ᠎ᠠ ᠶᠢᠨ 21 ᠤ ᠡᠳᠦᠷ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号