︽ᠠᠯᠳᠠᠨ ᠠᠭᠤᠯᠠ︾  ᠮᠠᠯᠵᠢᠯ ᠤᠨ ᠲᠠᠯᠠᠪᠠᠢ ᠠᠰᠢᠭ ᠤᠯᠵᠠᠪᠤᠷᠢ ᠶᠢ ᠠᠷᠠᠳ ᠲᠤ ᠬᠤᠪᠢᠶᠠᠭᠰᠠᠨ
ᠨᠡᠶᠢᠲᠡᠯᠡᠭᠰᠡᠨ ᠴᠠᠭ᠄
2021/7/26
 7 ᠰᠠᠷ᠎ᠠ ᠶᠢᠨ 24 ᠤ ᠡᠳᠦᠷ᠂ ᠲᠠᠶᠢᠹᠤᠰᠧ ᠬᠤᠰᠢᠭᠤᠨ ᠤ ᠬᠤᠩ ᠴᠢ ᠪᠠᠯᠭᠠᠰᠤᠨ ᠤ  ︽ᠠᠯᠳᠠᠨ ᠠᠭᠤᠯᠠ︾  ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠠᠩᠬᠢᠰ ᠬᠠᠷ᠎ᠠ ᠮᠢᠬᠠᠨ ᠤ ᠦᠬᠡᠷ ᠨᠠᠶᠢᠳᠠᠵᠤ ᠮᠠᠯᠵᠢᠭᠤᠯᠤᠭᠰᠠᠨ ᠠᠰᠢᠭ ᠤᠷᠤᠯᠭ᠎ᠠ ᠶᠢ ᠲᠠᠷᠢᠶᠠᠴᠢᠨ ᠡᠷᠦᠬᠡ ᠳᠤ ᠬᠤᠪᠢᠶᠠᠬᠤ ᠶᠣᠰᠣᠯᠠᠯ ᠶᠠᠪᠤᠭᠤᠯᠪᠡ᠃ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠯᠢ ᠵᠠᠨ ᠪᠤᠤ  ᠵᠢᠴᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂  ᠬᠤᠩ ᠴᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠷᠬᠠᠭᠠᠯᠳᠠ  ᠶᠢᠨ ᠶᠣᠰᠣᠯᠠᠯ ᠳᠤ  ᠤᠷᠤᠯᠴᠠᠭᠰᠠᠨ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠠᠵᠢᠯ  ᠤᠨ ᠳᠤᠮᠳᠠ᠂  ᠶᠠᠳᠠᠭᠤ ᠬᠦᠴᠢᠷᠳᠡᠯᠳᠡᠢ ᠡᠷᠦᠬᠡ ᠶᠢᠨ ᠠᠰᠢᠭ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠠᠰᠠᠭᠤᠳᠠᠯ ᠢ ᠦᠨᠡᠨ ᠬᠦ ᠰᠢᠶᠳᠪᠦᠷᠢᠯᠡᠬᠦ ᠶᠢᠨ ᠲᠥᠯᠥᠭᠡ᠂  ᠬᠤᠩ ᠴᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠨᠢ ᠳᠡᠭᠡᠳᠦ ᠱᠠᠲᠤᠨ ᠤ ᠨᠠᠮ ᠵᠠᠰᠠᠭ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠠᠵᠤ ᠦᠶᠯᠡᠰ  ᠢᠶᠠᠷ ᠶᠠᠳᠠᠭᠤ ᠶᠢ ᠲᠡᠳᠬᠦᠬᠦ ᠲᠣᠭᠲᠠᠴᠠ ᠶᠢ ᠢᠳᠡᠪᠬᠢᠳᠡᠢ ᠬᠠᠶᠢᠭᠠᠳ  ᠮᠡᠳᠡᠭᠳᠡᠮ᠎ᠡ ᠦᠷ᠎ᠡ ᠪᠦᠲᠦᠮᠵᠢ ᠣᠯᠵᠠᠶ᠃  2019 ᠣᠨ ᠤ 12 ᠰᠠᠷ᠎ᠠ ᠳᠤ  ᠂  21 ᠲᠣᠰᠬᠤᠨ ᠤ 111 ᠡᠷᠦᠬᠡ ᠨᠢ ︽ᠠᠯᠳᠠᠨ ᠠᠭᠤᠯᠠ︾  ᠭᠡᠷ ᠪᠦᠯᠢ  ᠶᠢᠨ ᠮᠠᠯᠵᠢᠯ ᠤᠨ ᠲᠠᠯᠠᠪᠠᠢ ᠲᠠᠢ  ᠠᠩᠬᠢᠰ ᠬᠠᠷ᠎ᠠ ᠮᠢᠬᠠᠨ ᠤ ᠦᠬᠡᠷ ᠨᠠᠶᠢᠳᠠᠨ ᠮᠠᠯᠵᠢᠬᠤ ᠬᠡᠯᠡᠯᠴᠡᠭᠡᠷ ᠲᠣᠭᠲᠠᠵᠤ᠂ 153 ᠠᠩᠬᠢᠰ ᠦᠬᠡᠷ ᠢ 5 ᠵᠢᠯ ᠤᠨ ᠬᠤᠭᠤᠴᠠᠭ᠎ᠠ ᠲᠠᠢ ᠨᠠᠶᠢᠳᠠᠵᠤ ᠮᠠᠯᠵᠢᠬᠤ ᠪᠠᠷ ᠪᠤᠯᠪᠠ᠃  ᠲᠡᠭᠡᠬᠦ ᠳᠡᠭᠡᠨ᠂ ᠨᠢᠭᠡ ᠦᠬᠡᠷ ᠨᠠᠶᠢᠳᠠᠵᠤ ᠮᠠᠯᠵᠢᠭᠤᠯᠪᠠᠯ  ᠵᠢᠯ   ᠳᠤ 1500 ᠲᠥᠭᠦᠷᠢᠭ   ᠤᠨ ᠠᠰᠢᠭ ᠣᠷᠣᠯᠭ᠎ᠠ  ᠬᠤᠪᠢᠶᠠᠷᠢᠯᠠᠵᠤ  ᠂  5 ᠵᠢᠯ ᠤᠨ ᠬᠤᠭᠤᠴᠠᠭ᠎ᠠ ᠨᠢ ᠲᠠᠭᠤᠰᠪᠠᠯ ᠦᠷᠬᠦᠯᠵᠢᠯᠡᠨ  ᠨᠠᠶᠢᠳᠠᠵᠤ ᠮᠠᠯᠵᠢᠭᠤᠯᠬᠤ ᠪᠤᠶᠤ ᠦᠨᠢᠶ᠎ᠡ ᠪᠠᠨ ᠪᠤᠴᠠᠭᠠᠨ  ᠠᠪᠴᠤ ᠥᠪᠡᠰᠦᠪᠡᠨ  ᠮᠠᠯᠵᠢᠵᠤ ᠪᠤᠯᠤᠨ᠎ᠠ᠃  ︽ᠠᠯᠲᠠᠨ ᠠᠭᠤᠯᠠ︾ ᠬᠡᠷ ᠪᠦᠯᠢ ᠶᠢᠨ ᠮᠠᠯᠵᠢᠯ ᠤᠨ ᠲᠠᠯᠠᠪᠠᠶ ᠨᠢ ᠤᠳᠤ ᠪᠤᠯᠳᠠᠯ᠎ᠠ ᠨᠡᠶᠢᠲᠡ 500 ᠲᠦᠮᠡᠨ ᠲᠥᠭᠦᠷᠢᠭ ᠤᠨ ᠪᠠᠯᠠ ᠣᠷᠣᠭᠤᠯᠵᠤ᠂ 230 ᠦᠬᠡᠷ ᠲᠡᠵᠢᠭᠡᠵᠦ ᠪᠠᠶᠢᠬᠤ ᠶᠢᠨ ᠬᠠᠮᠳᠤ᠂ 190  ᠬᠠᠪᠳᠠᠭᠠᠢ ᠳᠥᠷᠪᠡᠯᠵᠢᠨ  ᠮᠧᠲᠷ ᠤᠨ ᠠᠯᠪᠠᠯᠠᠬᠤ ᠲᠣᠭᠤᠷᠢᠭ  ᠂  3500 ᠬᠠᠪᠳᠠᠭᠠᠢ ᠳᠥᠷᠪᠡᠯᠵᠢᠨ ᠮᠧᠲᠷ ᠪᠠᠷᠢᠮᠵᠢᠶᠠᠵᠢᠭᠰᠠᠨ ᠫᠧᠩ ᠬᠤᠷᠤᠭ᠎ᠠ᠂ 900 ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ᠂ 1600  ᠬᠠᠪᠳᠠᠭᠠᠢ ᠳᠥᠷᠪᠡᠯᠵᠢᠨ ᠮᠧᠲᠷ ᠡᠪᠡᠰᠦ ᠬᠠᠳᠠᠭᠠᠯᠠᠬᠤ ᠫᠧᠩ᠂ 830  ᠬᠠᠪᠳᠠᠭᠠᠢ ᠳᠥᠷᠪᠡᠯᠵᠢᠨ ᠮᠧᠲᠷ ᠬᠥᠮᠥᠷᠭᠡ᠂ 100 ᠬᠠᠪᠳᠠᠭᠠᠢ ᠳᠥᠷᠪᠡᠯᠵᠢᠨ  ᠮᠧᠲᠷ ᠦᠢᠯᠡᠳᠪᠦᠷᠢ ᠶᠢᠨ ᠲᠠᠰᠤᠭ  ᠪᠠᠶᠢᠭᠤᠯᠤᠭᠠᠳ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠴᠢᠳᠠᠪᠤᠷᠢ ᠶᠢ ᠦᠨᠳᠦᠰᠦᠨ ᠳᠡᠭᠡᠨ ᠪᠦᠷᠢᠯᠳᠦᠭᠦᠯᠵᠠᠢ᠃ 2020 ᠣᠨ ᠤ 9 ᠰᠠᠷ᠎ᠠ ᠳᠤ᠂ ᠮᠠᠯᠵᠢᠯ ᠤᠨ ᠲᠠᠯᠠᠪᠠᠶ ᠨᠢᠭᠡᠳᠦᠭᠡᠷ ᠵᠢᠯ  ᠤᠨ ᠠᠰᠢᠭ ᠣᠯᠵᠠᠪᠤᠷᠢ ᠶᠢ 3 ᠰᠠᠷ᠎ᠠ ᠤᠷᠢᠳᠴᠢᠯᠠᠨ ᠲᠠᠷᠢᠶᠠᠴᠢᠳ ᠲᠤ ᠬᠤᠪᠢᠶᠠᠭᠰᠠᠨ ᠪᠤᠯ  ᠂ 2021 ᠤᠨ ᠤ 7 ᠰᠠᠷ᠎ᠠ ᠳᠤ᠂  ᠨᠠᠩ ᠴᠤ 5 ᠰᠠᠷ᠎ᠠ ᠤᠷᠢᠳᠴᠢᠯᠠᠨ ᠬᠤᠪᠢᠶᠠᠭᠰᠠᠨ ᠪᠠᠶᠢᠨ᠎ᠠ᠃   ᠲᠠᠷᠢᠶᠠᠴᠢᠨ ᠡᠷᠦᠬᠡ ᠼᠠᠢ ᠺᠦ᠋  ︽ᠥᠨᠥᠳᠦᠷ ᠬᠤᠪᠢᠶᠠᠭᠰᠠᠨ ᠮᠥᠩᠭᠦ ᠶᠢ ᠭᠠᠷᠳᠠᠭᠠᠳ ᠮᠠᠰᠢ ᠪᠠᠶᠠᠷ ᠪᠠᠶᠢᠨ᠎ᠠ᠂ ᠤᠯᠤᠰ ᠤᠨ ᠲᠥᠷᠥ ᠶᠢᠨ ᠪᠣᠳᠣᠯᠭ᠎ᠠ ᠬᠡᠳᠦᠶ ᠰᠠᠶᠢᠨ ᠪᠣᠶ᠂ ᠪᠢᠳᠡᠨ ᠳᠤ ᠦᠬᠡᠷ ᠠᠪᠴᠤ ᠦᠭᠬᠦᠭᠰᠡᠨ ᠢᠶᠠᠷ ᠪᠠᠷᠠᠬᠤ ᠦᠬᠡᠢ᠂ ᠪᠠᠰᠠ ᠮᠠᠯᠵᠢᠯ ᠤᠨ ᠲᠠᠯᠠᠪᠠᠶ ᠣᠯᠵᠤ ᠨᠠᠶᠢᠳᠠᠨ ᠮᠠᠯᠵᠢᠭᠤᠯᠵᠠᠢ᠂  ᠦᠳᠡᠯᠦᠬᠡᠳ ᠬᠦᠨᠳᠦ ᠠᠵᠢᠯ ᠬᠢᠬᠦ ᠲᠠᠷ ᠦᠬᠡᠢ ᠪᠤᠯᠤᠭᠰᠠᠨ ᠪᠢᠳᠡᠨ ᠳᠤ  ᠡᠶᠢᠮᠦ ᠲᠥᠷᠥ ᠶᠢᠨ ᠪᠣᠳᠣᠯᠭ᠎ᠠ ᠨᠡᠭᠡᠷᠡᠨ ᠲᠤᠬᠢᠷᠠᠵᠠᠢ᠂  ᠠᠵᠢᠯ ᠬᠢᠬᠦ ᠦᠬᠡᠢ ᠪᠠᠷ ᠠᠰᠢᠭ ᠤᠷᠤᠯᠭ᠎ᠠ ᠤᠯᠵᠤ ᠪᠠᠶᠢᠨ᠎ᠠ ᠰᠢᠦ︾  ᠬᠡᠵᠦ ᠬᠦᠭᠰᠡᠨ ᠶᠠᠷᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号